ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠢᠦᠶ ᠶᠦᠩ ᠨᠠᠢᠮᠠᠨ ᠬᠤᠰᠢᠭᠤᠨ ᠤ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠶ  ᠦᠢᠯᠡᠳᠪᠦᠷᠢᠯᠡᠯ ᠵᠢᠴᠢ ᠴᠠᠭᠠᠨ ᠰᠠᠷ᠎ᠠ᠂ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/1/9
    1 ᠰᠠᠷ᠎ᠠ ᠶᠢᠨ 8 ᠤ ᠡᠳᠦᠷ᠂ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠵᠢᠴᠢ ᠴᠠᠭᠠᠨ ᠰᠠᠷ᠎ᠠ᠂ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠢᠦᠶ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠰᠦ᠋ ᠯᠢ ᡁᠢ᠂ ᠵᠠᠩ ᠬᠤᠩ ᠪᠢᠩ᠂ ᠸᠠᠩ ᠸᠧᠶ ᠱᠧᠩ᠂ ᠸᠠᠩ ᠶᠤᠸᠠᠨ ᠵᠢᠶᠠ᠂ ᠵᠠᠩ ᠶᠦᠩ ᠴᠢᠤᠸᠠᠨ᠂ ᠯᠢ ᠮᠢᠨ᠂ ᠶᠠᠩ ᠴᠦᠨ ᠱᠧᠩ ᠬᠤᠷᠠᠯ ᠳᠤ ᠣᠷᠣᠯᠴᠠᠵᠠᠶ᠃
旗委副书记、政府代旗长于勇出席奈曼旗2025年第一季度安全生产暨春节、两会期间安全生产工作部署会.jpg
    ᠬᠤᠷᠠᠯ ᠳᠡᠭᠡᠷ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ︽ᠡᠨᠡ ᠡᠪᠦᠯ ᠢᠷᠡᠬᠦ ᠬᠠᠪᠤᠷ ᠤᠨ ᠬᠦᠨᠳᠦ ᠶᠡᠭᠡ ᠠᠳᠡᠯ ᠤᠨ ᠭᠠᠮᠰᠢᠭ ᠤᠨ ᠳᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ᠂ ᠴᠠᠭᠠᠨ ᠰᠠᠷ᠎ᠠ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠢᠦᠢ ᠶᠦᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠵᠢᠯᠲᠠ ᠪᠠᠨ ᠨᠤᠲᠠᠯᠠᠵᠤ᠂ ᠬᠦᠷᠦᠯᠴᠡᠬᠦ ᠦᠭᠡᠢ ᠲᠠᠯ᠎ᠠ ᠳᠤ ᠪᠠᠨ ᠵᠥᠪ ᠢᠶᠠᠷ ᠬᠠᠨᠳᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠠᠳᠬᠤᠵᠤ᠂ ᠰᠡᠳᠬᠢᠯ ᠳᠡᠭᠡᠨ ᠪᠤᠳᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠬᠠᠮᠢᠶᠠᠷᠤᠯᠲᠠ ᠡᠵᠡᠮᠳᠡᠯ ᠢ ᠲᠤᠪᠤᠶᠢᠯᠭᠠᠵᠦ᠂ ᠦᠢᠯᠡᠳᠪᠦᠷᠢᠯᠡᠯ ᠤᠨ ᠠᠶᠤᠯᠭᠦᠶ ᠶᠢᠨ ᠬᠦᠨᠳᠦ ᠶᠡᠭᠡ ᠣᠨᠴᠠ ᠶᠡᠭᠡ ᠡ᠊ᠨᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠠᠲᠤᠯᠠᠭ᠎ᠠ᠂ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠡᠯ᠎ᠡ ᠲᠦᠷᠦᠯ ᠤᠨ ᠭᠠᠮᠰᠢᠭ ᠤᠨ ᠠᠳᠡᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠭᠠᠴᠠᠭᠠᠵᠤ᠂ ᠤᠯᠠᠨ ᠲᠦᠮᠡᠨ ᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠵᠤ᠂ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ  ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号