ᡁᠢ ᠠᠨ ᠪᠠᠯᠭᠠᠰᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠲᠠᠲᠠᠪᠤᠷᠢᠯᠠᠨ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2025/2/12
    ᠣᠶᠢᠷ᠎ᠠ ᠶᠢᠨ ᠡᠳᠦᠷ ᠲᠤ᠂ ᡁᠢ ᠠᠨ ᠪᠠᠯᠭᠠᠰᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠢ ᠢᠳᠡᠪᠬᠢᠲᠡᠶ ᠥᠷᠨᠢᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠳᠤᠮᠳᠠ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠨᠢᠭᠡᠳᠦᠭᠡᠷ ᠹᠷᠣᠨᠲ ᠲᠤ ᠬᠦᠷᠴᠦ ᠪᠥᠬᠦ ᠲᠠᠯ᠎ᠠ ᠪᠠᠷ ᠬᠢᠨᠠᠨ ᠵᠢᠯᠣᠭᠤᠳᠴᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠ ᠲᠤᠰᠬᠠᠶ ᠬᠤᠷᠠᠯ ᠢᠶᠠᠷ ᠳᠠᠮᠵᠢᠭᠤᠯᠤᠨ ᠠᠬᠢᠴᠠ ᠶᠢ ᠡᠵᠡᠮᠳᠡᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠭᠦᠷᠭᠡ ᠪᠠᠨ ᠨᠠᠷᠢᠯᠢᠭᠵᠢᠭᠤᠯᠵᠤ᠂ ᠲᠥᠯᠥᠪᠯᠡᠭᠡ ᠲᠣᠭᠲᠠᠭᠠᠨ᠂ ᠪᠣᠭᠤᠮᠲᠠ ᠶᠢ ᠴᠢᠩᠭ᠎ᠠ ᠠᠳᠬᠤᠵᠤ᠂ ᠠᠵᠢᠯ ᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠡᠯ᠎ᠡ ᠲᠣᠭᠤᠷᠢᠭ ᠲᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠠᠳᠠᠯᠢ ᠪᠤᠰᠤ ᠣᠨᠴᠠᠯᠢᠭ ᠲᠤ ᠴᠢᠭᠯᠡᠭᠦᠯᠦᠨ ᠥᠪᠡᠷᠮᠢᠴᠡ ᠲᠥᠰᠦᠯ ᠢ ᠲᠣᠭᠲᠠᠭᠠᠵᠤ᠂ ᠠᠬᠢᠴᠠ ᠤᠳᠠᠭᠠᠨ ᠪᠠᠶᠢᠭ᠎ᠠ ᠣᠷᠣᠨ ᠪᠦᠰᠡ ᠶᠢ ᠭᠤᠤᠯᠳᠠᠯᠭ᠎ᠠ ᠲᠠᠢ ᠠᠬᠢᠭᠤᠯᠪᠠ᠃ ᠲᠣᠰᠬᠤᠨ ᠤ ᠬᠤᠶᠠᠷ ᠵᠥᠪᠯᠡᠯ ᠦᠨᠳᠦᠰᠦᠨ ᠱᠠᠲᠤᠨ ᠤ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠲᠣᠰᠬᠤᠨ ᠤ ᠠᠷᠠᠳ ᠲᠠᠢ ᠣᠨᠣᠪᠴᠢᠲᠠᠢ ᠵᠣᠯᠭᠠᠭᠤᠯᠵᠤ᠂ ᠣᠨᠴᠠᠭᠠᠢ ᠬᠥᠮᠦᠰ ᠲᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠲᠠᠢ ᠬᠠᠷᠢᠯᠴᠠᠵᠤ᠂ ᠨᠠᠰᠤᠲᠠᠶᠢᠴᠤᠳ᠂ ᠵᠡᠮᠳᠡᠭᠴᠦᠳ ᠲᠤ ︽ᠭᠡᠷ ᠲᠤᠨᠢ ᠬᠦᠷᠴᠦ ᠭᠦᠢᠴᠡᠳᠬᠡᠬᠦ︾ ᠵᠡᠷᠭᠡ ᠦᠢᠯᠡᠴᠢᠯᠡᠭᠡ ᠬᠠᠩᠭᠠᠵᠤ᠂ ᠲᠣᠰᠬᠤᠨ ᠤ ᠠᠷᠠᠳ ᠤᠨ ᠳᠠᠭᠠᠳᠬᠠᠯ ᠳᠤ ᠤᠷᠤᠯᠴᠠᠬᠤ ᠶᠣᠰᠣᠲᠠᠢ ᠶᠢ ᠨᠢ ᠪᠦᠬᠦᠨ ᠢ ᠤᠷᠤᠭᠤᠯᠬᠤ ᠶᠢ ᠪᠠᠲᠤᠯᠠᠪᠠ᠃
治安镇扎实推进城乡居民基本医疗保险征缴工作.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号