2 ᠰᠠᠷ᠎ᠠ ᠶᠢᠨ 7 ᠤ ᠡᠳᠦᠷ᠂ ᠨᠠᠢᠮᠠᠨ ᠬᠤᠰᠢᠭᠤᠨ ᠤ ᠪᠠᠶᠢᠴᠠᠭᠠᠬᠤ ᠬᠤᠷᠢᠶᠠᠨ ᠤ ᠬᠤᠷᠢᠬᠤ ᠭᠠᠵᠠᠷ ᠲᠤ | ᠰᠠᠭᠤᠭ᠎ᠠ ᠪᠠᠶᠢᠴᠠᠭᠠᠬᠤ ᠲᠠᠰᠤᠭ ᠤᠨ ᠬᠢᠨ ᠬᠤᠰᠢᠭᠤᠨ ᠤ ᠬᠤᠷᠢᠬᠤ ᠭᠠᠵᠠᠷ ᠯᠤᠭ᠎ᠠ ᠬᠤᠷᠢᠭᠤᠯ ᠤᠨ ᠭᠠᠵᠠᠷ ᠤᠨ | ᠠᠮᠤᠷ ᠲᠦᠪᠰᠢᠨ ᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠷᠠᠯ ᠠᠴᠠ᠂ ᠬᠢᠨᠠᠯᠲᠠ | ᠬᠠᠮᠢᠶᠠᠷᠤᠯᠲᠠ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠵᠢᠯᠴᠠᠭ᠎ᠠ ᠪᠣᠯᠤᠨ ᠮᠡᠳᠡᠭᠡ | ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠪᠠ ᠬᠠᠤᠯᠢ ᠬᠡᠷᠡᠭᠵᠢᠭᠦᠯᠬᠦ ᠲᠦᠪᠰᠢᠨ ᠢᠶᠠᠨ | ᠳᠡᠭᠡᠭᠰᠢᠯᠡᠭᠦᠯᠬᠦ ᠬᠡᠷᠡᠭᠲᠡᠢ︔ ᠠᠷᠠᠳ ᠤᠨ ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠷᠢᠭᠳᠠᠵᠤ ᠪᠠᠶᠢᠭ᠎ᠠ ᠬᠥᠮᠦᠰ ᠤᠨ ᠦᠵᠡᠯ ᠰᠠᠨᠠᠭᠠᠨ ᠤ ᠪᠠᠶᠢᠳᠠᠯ ᠢ ᠠᠩᠬᠠᠷᠴᠤ᠂ ᠰᠡᠳᠬᠢᠴᠡ ᠶᠢᠨ | ᠵᠢᠯᠤᠭᠤᠳᠤᠯᠭ᠎ᠠ ᠶᠢ ᠰᠠᠶᠢᠲᠤᠷ ᠬᠢᠬᠦ ᠬᠡᠷᠡᠭᠲᠡᠢ︔ ᠲᠣᠭᠤᠷᠢᠨ ᠡᠵᠡᠮᠳᠡᠬᠦ ᠶᠢ ᠴᠢᠩᠭᠠᠳᠬᠠᠵᠤ᠂ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠭᠡᠮ ᠰᠣᠭᠤᠭ ᠢ ᠠᠷᠢᠯᠭᠠᠬᠤ ᠬᠡᠷᠡᠭᠲᠡᠢ︔ ᠡᠷᠬᠡ ᠲᠡᠭᠰᠢ ᠬᠠᠮᠢᠶᠠᠷᠤᠯᠲᠠ ᠶᠢᠨ | ᠤᠬᠠᠮᠰᠠᠷ ᠢ ᠪᠤᠢ ᠪᠣᠯᠭᠠᠵᠤ᠂ ᠬᠤᠷᠢᠭᠳᠠᠵᠤ ᠪᠠᠶᠢᠭ᠎ᠠ ᠬᠥᠮᠦᠰ ᠤᠨ ᠡᠷᠬᠡ ᠠᠰᠢᠭ ᠢ ᠪᠠᠲᠤᠯᠠᠵᠤ᠂ ᠬᠢᠨᠠᠯᠲᠠ ᠲᠠᠯᠪᠢᠬᠤ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯ ᠤᠨ ᠳᠠᠷᠠᠭ᠎ᠠ᠂ | ᠬᠤᠷᠢᠬᠤ ᠭᠠᠵᠠᠷ ᠲᠤ ᠰᠠᠭᠤᠭ᠎ᠠ ᠪᠠᠶᠢᠴᠠᠭᠠᠬᠤ ᠺᠠᠳ᠋ᠷ ᠴᠠᠭᠳᠠᠭ᠎ᠠ ᠬᠤᠷᠢᠬᠤ ᠭᠠᠵᠠᠷ ᠢ ᠪᠠᠶᠢᠴᠠᠭᠠᠨ ᠦᠵᠡᠵᠦ᠂ | ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠪᠠ᠃ | | | |