ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠶᠢᠨ ᠡᠬᠢ ᠪᠠᠷ᠂ 2 ᠰᠠᠷ᠎ᠠ ᠶᠢᠨ 5 ᠤ ᠡᠳᠦᠷ᠂ ᠲᠦᠩᠯᠢᠶᠣᠤ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠢᠮᠠᠨ ᠬᠤᠰᠢᠭᠤᠨ ᠤ ᠨᠠᠮ ᠤᠨ ᠬᠤᠷᠢᠶ᠎ᠠ ᠶᠢᠨ | ᠱᠦᠵᠢ ᠰᠢᠤᠸᠠᠨ ᠳ᠋ᠦᠩ ᠱᠧᠩ ᠨᠠᠢᠮᠠᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ | ᠬᠤᠷᠢᠶ᠎ᠠ ᠶᠢᠨ 117 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ | ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠪᠠ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | | | | ᠰᠢᠤᠸᠠᠨ ᠳ᠋ᠦᠩ ᠱᠧᠩ᠂ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ | ᠂ ᠭᠦᠨᠵᠡᠭᠡᠢ ᠤᠢᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ︽ | ᠲᠦᠷᠪᠡᠨ ᠤᠬᠠᠮᠰᠠᠷ︾ ᠢ ᠲᠠᠰᠤᠷᠠᠯᠲᠠ ᠦᠭᠡᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ | ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠢᠮᠠᠨ ᠤ ᠤᠨᠴᠠᠯᠢᠬᠳᠤ ᠳᠠᠪᠠᠭᠤᠯᠢᠭ ᠲᠠᠢ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠶᠢ | ᠪᠦᠬᠦ ᠬᠦᠴᠦᠨ ᠢᠶᠠᠷ ᠢᠶᠠᠨ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠶ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠭᠦᠨᠵᠡᠭᠡᠢ ᠲᠤᠭᠤᠰᠢᠯᠠᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠩᠭᠠᠳᠬᠠᠪᠠ᠃ | | | | ᠰᠢᠤᠸᠠᠨ ᠳ᠋ᠦᠩ ᠱᠧᠩ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠪᠠᠨ | ᠤᠯᠠᠮ ᠨᠢᠭᠡ ᠠᠯᠬᠤᠮ ᠨᠢᠭᠡᠳᠬᠡᠵᠦ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠵᠣᠷᠢᠭ | ᠰᠠᠨᠠᠭ᠎ᠠ ᠪᠠᠨ ᠤᠯᠠᠮ ᠨᠢᠭᠡ ᠠᠯᠬᠤᠮ ᠪᠠᠳᠠᠷᠠᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ | ᠴᠢᠨᠠᠷ ᠢ ᠭᠦᠨᠵᠡᠭᠡᠶ ᠲᠠᠨᠢᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠬᠦᠴᠦᠨ ᠵᠦᠢᠯ ᠤᠨ ᠪᠠᠲᠤᠯᠠᠭ᠎ᠠ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠠᠰᠢᠭᠯᠠᠯᠲᠠ ᠳᠤ | ᠣᠷᠣᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠥᠳᠡᠯᠦᠩᠭᠦᠶ ᠭᠠᠷᠠᠭ ᠤᠨ ᠲᠣᠬᠢᠷᠠᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ | ᠲᠣᠬᠢᠷᠠᠭᠤᠯᠤᠯᠲᠠ ᠶᠢᠨ ᠡᠬᠡ ᠲᠠᠩᠰᠠ ᠪᠠᠶᠢᠭᠤᠯᠵᠤ᠂ ᠬᠤᠰᠢᠭᠤᠨ ᠤ ᠲᠠᠰ ᠤᠨ ᠤᠳᠤᠷᠢᠳᠬᠤ ᠨᠥᠬᠦᠳ ᠪᠠ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠤᠬᠠᠮᠰᠠᠷ ᠢ ᠪᠣᠶ ᠪᠣᠯᠭᠠᠵᠤ᠂ ︽ᠠᠵᠢᠯ ᠡᠬᠢᠯᠡᠭᠦᠯᠬᠦ ᠶᠢ | ᠠᠳᠬᠤᠵᠤ᠂ ᠠᠬᠢᠴᠠ ᠶᠢ ᠠᠬᠢᠭᠤᠯᠬᠤ︾ ᠠᠵᠢᠯ ᠤᠨ ᠬᠠᠷᠠᠯᠲᠠ ᠶᠢ ᠴᠢᠩᠭ᠎ᠠ ᠠᠩᠬᠠᠷᠴᠤ᠂ ︽ᠲᠥᠷᠥᠯ ᠵᠦᠢᠯ ᠤᠨ | ᠬᠠᠮᠢᠶᠠᠷᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠰᠢᠯᠢᠳᠡᠭ ᠦᠢᠯᠡᠴᠢᠯᠡᠭᠡ ᠬᠠᠩᠭᠠᠬᠤ | ᠬᠡᠷᠡᠭᠲᠡᠶ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠭᠤᠤᠯᠳᠠᠯᠭ᠎ᠠ ᠲᠠᠢ ᠣᠷᠣᠭᠤᠯᠤᠯᠲᠠ ᠶᠢᠨ | ᠬᠠᠨᠳᠤᠰᠢ ᠶᠢ ᠰᠡᠷᠭᠡᠭ ᠡᠵᠡᠮᠰᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠣᠷᠳᠣ | ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠲᠤᠰᠬᠠᠶ ᠥᠷᠢ ᠥᠭᠴᠡᠭᠡ᠂ ᠲᠥᠪ ᠪᠠ ᠥᠪᠡᠷᠲᠡᠭᠡᠨ ᠵᠠᠰᠠᠬᠤ | ᠣᠷᠣᠨ ᠤ ᠲᠥᠰᠦᠪ ᠤᠨ ᠳᠣᠲᠣᠷᠠᠬᠢ ᠪᠠᠯᠠ ᠮᠥᠩᠭᠦ ᠵᠡᠷᠭᠡ ᠠᠯᠢ ᠣᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ | ᠬᠦᠢᠴᠡᠳ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ | ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ︔ ᠡᠯ᠎ᠡ ᠲᠤᠰᠬᠠᠶ ᠮᠡᠷᠭᠡᠵᠢᠯ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤᠭᠤᠶᠢᠯᠠᠩ ᠨᠢ ᠵᠢᠪᠡᠷᠡᠬᠦ ᠥᠬᠡᠶ ᠪᠣᠯᠣᠳ ᠬᠡᠪᠰᠢᠭᠦᠯᠬᠦ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠪᠣᠬᠢᠷᠲᠤᠯ ᠥᠬᠡᠶ ᠮᠧᠲ᠋ᠢᠯ ᠠᠯᠺᠣᠤᠯ ᠤᠨ ᠠᠵᠤ ᠦᠢᠯᠡᠰ ᠵᠡᠷᠭᠡ | ᠴᠢᠭᠯᠡᠯ ᠤᠨ ᠲᠣᠭᠤᠷᠢᠨ ᠳᠤ ᠬᠤᠳᠠᠯᠳᠤᠭᠠᠴᠢᠨ ᠤᠷᠢᠬᠤ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ | ᠂ ᠮᠡᠳᠡᠭᠡ ᠵᠠᠩᠭᠢ ᠴᠤᠭᠯᠠᠭᠤᠯᠬᠤ᠂ ᠳᠣᠲᠣᠷ᠎ᠠ ᠭᠠᠳᠠᠨᠠᠬᠢ ᠲᠠᠢ ᠬᠠᠷᠢᠯᠴᠠᠬᠤ᠂ ᠵᠣᠯᠭᠠᠭᠤᠯᠬᠤ ᠦᠢᠯᠡᠴᠢᠯᠡᠭᠡ ᠬᠢᠬᠦ | ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠤᠳᠠᠯᠳᠤᠭᠠᠴᠢᠨ ᠳᠤ ᠰᠠᠶᠢᠲᠤᠷ ᠦᠢᠯᠡᠴᠢᠯᠡᠭᠡ ᠬᠢᠵᠦ᠂ | ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠦᠢᠯᠡᠴᠢᠯᠡᠭᠡᠨ ᠤ | ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠢᠦᠢ ᠶᠦᠩ ᠵᠡᠷᠭᠡ ᠬᠤᠰᠢᠭᠤᠨ ᠤ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠯᠪᠣᠭᠳᠠᠯ ᠪᠥᠬᠦᠶ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠪᠠ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠬᠤᠷᠠᠯ ᠳᠤ ᠣᠷᠣᠯᠴᠠᠵᠠᠶ᠃ | |