ᠯᠢᠦ ᠬᠤᠤ ᠲᠠᠷᠢᠶᠠᠯᠠᠩ ᠤᠨ ᠲᠠᠯᠠᠪᠠᠢ 2025 ᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 14 ᠤ ᠡᠳᠦᠷ᠂ ᠯᠢᠦ ᠬᠤᠤ ᠲᠠᠷᠢᠶᠠᠯᠠᠩ ᠤᠨ ᠲᠠᠯᠠᠪᠠᠢ 2025 ᠣᠨ ᠤ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ︽ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ︾ ᠤᠨ ᠮᠡᠳᠡᠭᠳᠡᠯ ᠢ ᠳᠠᠬᠢᠨᠲᠠ ᠨᠠᠷᠢᠨ ᠲᠠᠶᠢᠯᠪᠤᠷᠢᠯᠠᠵᠤ᠂ 2024 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠳ᠋ᠦᠩᠨᠡᠨ ᠡᠷᠭᠢᠴᠡᠭᠦᠯᠵᠦ᠂ 2025 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠵᠢᠴᠢ ᠣᠶ ᠰᠢᠭᠤᠶ ᠶᠢᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠠᠯᠠᠪᠠᠢ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠦᠷᠳᠡᠭᠡ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠬᠤᠪᠢᠶᠠᠷᠢ ᠲᠠᠯᠠᠪᠠᠢ ᠶᠢᠨ ᠬᠤᠶᠠᠷ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
六号农场召开2025年林长制工作第一次会议.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号