3 ᠰᠠᠷ᠎ᠠ ᠶᠢᠨ 4 ᠤ ᠡᠳᠦᠷ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ | ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ ᠠᠴᠠ ᠬᠠᠮᠲᠤᠷᠠᠨ ᠡᠷᠬᠢᠯᠡᠵᠦ᠂ ᠬᠤᠰᠢᠭᠤᠨ ᠤ | ᠬᠤᠩ ᠶᠤᠸᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ | ᠰᠦᠯᠵᠢᠶᠡᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠭᠦᠯᠪᠡ᠃ | ᠪᠤᠯᠪᠠᠰᠤᠷᠠᠯ ᠨᠢ ᠡᠯᠧᠺᠲᠷᠦᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠪᠠᠷ ᠬᠠᠷᠠᠯᠲᠠ ᠪᠣᠯᠭᠠᠵᠤ᠂ | ᠣᠨᠣᠯ ᠤᠨ ᠵᠢᠭᠠᠨ ᠰᠤᠷᠭᠠᠯᠲᠠ ᠬᠢᠭᠡᠳ ᠳᠠᠭᠤᠷᠢᠶᠠᠮᠠᠯ ᠪᠣᠯᠪᠠᠰᠤᠷᠠᠯ ᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠡᠯᠧᠺᠲᠷᠦᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠮᠡᠳᠡᠯᠭᠡ᠂ ᠰᠦᠯᠵᠢᠶᠡᠨ | ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠵᠢᠭᠠᠨ ᠰᠤᠷᠭᠠᠯᠲᠠ ᠶᠢ | ᠦᠷᠨᠢᠭᠦᠯᠪᠡ᠃ ᠲᠣᠰ ᠤᠳᠠᠭᠠᠨ ᠤ ᠪᠤᠯᠪᠠᠰᠤᠷᠠᠯ ᠤᠨ ᠬᠤᠭᠤᠴᠠᠭ᠎ᠠ ᠨᠢ 7 ᠡᠳᠦᠷ ᠪᠠᠶᠢᠵᠤ᠂ ᠪᠤᠯᠪᠠᠰᠤᠷᠠᠯ ᠳᠤ | ᠣᠷᠣᠯᠴᠠᠭᠰᠠᠨ ᠰᠣᠷᠣᠭᠴᠢ 25 ᠪᠠᠶᠢᠵᠤ᠂ ᠡᠭᠦᠨ ᠳᠤ 5 ᠵᠡᠮᠳᠡᠭ ᠰᠤᠷᠤᠭᠴᠢ᠂ 20 ᠡᠮᠡᠭᠲᠡᠶ ᠰᠤᠷᠤᠭᠴᠢ ᠪᠤᠯᠤᠨ᠎ᠠ | ᠃ | | | |