ᠣᠶᠢᠷ᠎ᠠ ᠶᠢᠨ ᠡᠳᠦᠷ ᠤᠳ ᠲᠤ᠂ ᠨᠠᠢᠮᠠᠨ ᠬᠤᠰᠢᠭᠤᠨ ᠤ ᠬᠢᠵᠢᠭ ᠢ ᠡᠵᠡᠮᠳᠡᠬᠦ ᠲᠥᠪ ᠮᠠᠯ ᠳᠤ ᠬᠡᠷᠡᠭᠯᠡᠬᠦ | ᠪᠠᠺᠲ᠋ᠧᠷᠢ ᠳᠠᠷᠤᠬᠤ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯ ᠢ ᠠᠬᠢᠭᠤᠯᠪᠠ᠃ ᠠᠵᠢᠯᠲᠠᠳ ᠥᠪᠥᠷ | ᠮᠣᠩᠭᠤᠯ ᠤᠨ ᠨᠠᠢᠮᠠᠨ ᠬᠤᠰᠢᠭᠤᠨ ᠤ ᠮᠦ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ | ᠳ᠋ᠦᠩ ᠮᠢᠩ ᠪᠠᠯᠭᠠᠰᠤᠨ ᠤ ᠹᠧᠩ ᠱᠸᠦ ᠰᠠᠭᠠᠯᠢ ᠶᠢᠨ ᠦᠬᠡᠷ ᠤᠨ ᠲᠠᠯᠠᠪᠠᠶ᠂ ᠥᠪᠥᠷ ᠮᠣᠩᠭᠤᠯ ᠤᠨ ᠳ᠋ᠠᠨ ᠰᠢ | ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ︽ᠲᠤᠷᠰᠢᠯᠲᠠ ᠶᠢᠨ ᠴᠡᠭ ᠤᠨ | ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷ᠎ᠡ ᠪᠦᠲᠦᠮᠵᠢ ᠶᠢ ᠪᠠᠭᠠᠰᠬᠠᠬᠤ ᠦᠨᠡᠯᠡᠯᠲᠡ ᠶᠢᠨ ᠬᠤᠪᠢ ᠥᠭᠬᠦ | ᠬᠦᠰᠦᠨᠦᠭᠲᠦ︾ ᠶᠣᠰᠣᠭᠠᠷ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠨᠳᠦᠰᠦᠨ ᠨᠥᠬᠦᠴᠡᠯ᠂ ᠬᠠᠮᠢᠶ᠎ᠠ ᠪᠥᠬᠦᠶ | ᠲᠡᠮᠳᠡᠭᠯᠡᠯ᠂ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢᠨ ᠲᠤᠷᠰᠢᠯᠲᠠ ᠶᠢᠨ ᠦᠷ᠎ᠡ ᠪᠦᠲᠦᠮᠵᠢ ᠵᠡᠷᠭᠡ ᠲᠠᠯ᠎ᠠ ᠪᠠᠷ | ᠪᠠᠶᠢᠴᠠᠭᠠᠯᠲᠠ ᠬᠢᠵᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠭᠤᠭᠴᠤᠭ᠎ᠠ ᠶᠢᠨ ᠮᠠᠯ ᠳᠤ ᠬᠡᠷᠡᠭᠯᠡᠬᠦ ᠪᠠᠺᠲ᠋ᠧᠷᠢ | ᠳᠠᠷᠤᠬᠤ ᠡᠮ ᠢ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ ᠪᠠᠷ ᠬᠡᠷᠡᠭᠯᠡᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ | ᠂ ᠠᠮᠢᠲᠠᠨ ᠤ ᠢᠳᠡᠭᠡᠨ ᠤ ᠠᠮᠤᠷ ᠲᠦᠪᠰᠢᠨ ᠢ ᠪᠠᠲᠤᠯᠠᠪᠠ᠃ | | | | |