ᠾᠧᠪᠸᠢ ᠮᠤᠵᠢ ᠶᠢᠨ ᠰᠢᠩ ᠪᠠᠢ ᠡᠮ ᠤᠨ ᠦᠢᠯᠡᠰ ᠤᠨ ᠪᠦᠯᠦᠭᠯᠡᠯ ᠤᠨ ᠨᠠᠢᠮᠠᠨ ᠬᠤᠰᠢᠭᠤᠨ ᠤ ᠠᠵᠤ | ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ᠄ | ᠬᠤᠲᠠ ᠪᠠᠯᠭᠠᠰᠤ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠠᠬᠢᠭᠤᠯᠵᠤ᠂ ᠬᠤᠲᠠ ᠶᠢᠨ ᠴᠢᠳᠠᠮᠵᠢ ᠵᠡᠷᠭᠡ | ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠶᠢ ᠳᠡᠭᠡᠭᠰᠢᠯᠡᠭᠦᠯᠬᠦ ᠶᠢᠨ ᠲᠥᠯᠥᠭᠡ᠂ ︽ᠤᠯᠤᠰ ᠤᠨ | ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠲᠦᠷᠢᠮ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ | ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠲᠦᠷᠢᠮ︾ ︽ᠲᠦᠩᠯᠢᠶᠣᠤ ᠬᠤᠲᠠ ᠶᠢᠨ ᠤᠯᠤᠰ ᠤᠨ | ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠠᠷᠭ᠎ᠠ︾ ᠵᠡᠷᠭᠡ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠾᠧᠪᠸᠢ ᠶᠢᠨ ᠰᠢᠩ ᠪᠠᠶ ᠡᠮ ᠤᠨ ᠦᠢᠯᠡᠰ ᠤᠨ ᠪᠦᠯᠦᠭᠯᠡᠯ ᠤᠨ | ᠨᠠᠢᠮᠠᠨ ᠬᠤᠰᠢᠭᠤᠨ ᠤ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠡᠷ ᠪᠠᠶᠢᠰᠢᠩ ᠢ | ᠲᠠᠲᠠᠪᠤᠷᠢᠯᠠᠬᠤ ᠶᠢᠨ ᠬᠠᠮᠲᠤ ᠳᠣᠤᠷᠠᠬᠢ ᠮᠡᠲᠦ ᠵᠠᠷᠯᠠᠬᠤ ᠪᠠᠷ ᠲᠣᠭᠲᠠᠭᠠᠪᠠ᠄ | ᠨᠢᠭᠡ᠂ ᠲᠥᠷᠥᠯ ᠵᠦᠢᠯ ᠤᠨ ᠬᠡᠪᠴᠢᠶ᠎ᠡ | ᠭᠡᠷ ᠪᠠᠶᠢᠰᠢᠩ ᠨᠢ ᠨᠠᠢᠮᠠᠨ ᠬᠤᠰᠢᠭᠤᠨ ᠤ ᠲᠠᠴᠢᠨᠲᠠᠯ᠎ᠠ ᠪᠠᠯᠭᠠᠰᠤᠨ ᠤ ᠪᠠᠶᠢᠰᠢᠩᠲᠤ ᠵᠠᠮ ᠤᠨ ᠵᠡᠭᠦᠨ᠂ ᠠᠮᠢ | ᠠᠬᠤᠶ ᠶᠢᠨ ᠶᠡᠭᠡ ᠵᠡᠭᠡᠯᠢ ᠶᠢᠨ ᠡᠮᠦᠨ᠎ᠡ᠂ ᠠᠵᠤ ᠦᠢᠯᠡᠳᠪᠦᠷᠢ ᠶᠢᠨ ᠵᠠᠮ ᠤᠨ ᠪᠠᠷᠠᠭᠤᠨᠰᠢ᠂ ᠨᠤᠭᠤᠨᠵᠠᠶᠠᠭ᠎ᠠ ᠶᠡᠭᠡ | ᠵᠡᠭᠡᠯᠢ ᠶᠢᠨ ᠬᠤᠶᠢᠳᠦ ᠲᠠᠯ᠎ᠠ ᠳᠤ ᠪᠠᠶᠢᠷᠢᠯᠠᠵᠤ᠂ 10.6 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠭᠡᠷ | ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠨᠢ 1.18 ᠲᠦᠮᠡᠨ ᠲᠡᠭᠰᠢ ᠳᠥᠷᠪᠡᠯᠵᠢᠨ ᠮᠧᠲᠷ ᠪᠤᠯᠤᠨ᠎ᠠ᠃ | ᠬᠤᠶᠠᠷ᠂ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ᠂ ᠲᠠᠲᠠᠪᠤᠷᠢᠯᠠᠬᠤ ᠪᠠᠷᠢᠮᠵᠢᠶ᠎ᠠ ᠬᠢᠭᠡᠳ ᠭᠡᠷ᠎ᠡ | ᠲᠣᠭᠲᠠᠬᠤ ᠬᠤᠭᠤᠴᠠᠭ᠎ᠠ | ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠥᠴᠢᠷ ᠪᠣᠯ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ᠎ᠠ᠂ ᠭᠡᠷ ᠪᠠᠶᠢᠰᠢᠩ ᠲᠠᠲᠠᠪᠤᠷᠢᠯᠠᠬᠤ ᠶᠢ | ᠬᠡᠷᠡᠭᠵᠢᠭᠦᠯᠬᠦ ᠨᠢᠭᠡᠴᠢ ᠨᠢ ᠬᠤᠰᠢᠭᠤᠨ ᠤ ᠭᠡᠷ ᠬᠥᠷᠥᠩᠭᠡ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠃ | ᠲᠠᠲᠠᠪᠤᠷᠢᠯᠠᠭᠰᠠᠨ ᠳᠤ ᠨᠥᠬᠦᠪᠥᠷᠢ ᠥᠭᠬᠦ ᠲᠥᠰᠥᠯ ᠢ ᠳᠠᠭᠠᠯᠳᠤᠭᠤᠯᠤᠯ ᠳᠤ ᠨᠠᠷᠢᠨ ᠦᠵᠡ᠃ | ᠭᠡᠷ ᠪᠠᠶᠢᠰᠢᠩ ᠲᠠᠲᠠᠪᠤᠷᠢᠯᠠᠬᠤ ᠲᠣᠭᠲᠠᠭᠠᠯ ᠢ ᠨᠡᠶᠢᠲᠡᠯᠡᠭᠰᠡᠨ ᠤ ᠳᠠᠷᠠᠭ᠎ᠠ᠂ ᠭᠡᠷ ᠪᠠᠶᠢᠰᠢᠩ ᠲᠠᠲᠠᠪᠤᠷᠢᠯᠠᠬᠤ | ᠬᠡᠪᠴᠢᠶᠡᠨ ᠳᠣᠲᠣᠷ᠎ᠠ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠣᠯᠤᠨ | ᠭᠡᠷ ᠪᠠᠶᠢᠰᠢᠩ ᠤᠨ ᠬᠡᠷᠡᠭᠴᠡᠭᠡ ᠶᠢ ᠬᠤᠪᠢᠷᠠᠭᠤᠯᠬᠤ ᠵᠡᠷᠭᠡ ᠨᠥᠬᠦᠪᠥᠷᠢ ᠵᠠᠷᠤᠳᠠᠯ ᠢ ᠨᠡᠮᠡᠭᠳᠡᠭᠦᠯᠬᠦ ᠦᠢᠯᠡ | ᠠᠵᠢᠯᠯᠠᠭ᠎ᠠ ᠶᠢ ᠬᠢᠵᠦ ᠪᠣᠯᠬᠤ ᠦᠭᠡᠶ᠂ ᠡᠰᠡ ᠲᠡᠭᠡᠪᠡᠯ ᠨᠥᠬᠦᠪᠥᠷᠢ ᠥᠭᠬᠦ ᠦᠭᠡᠶ᠃ | ᠭᠡᠷ᠎ᠡ ᠲᠣᠭᠲᠠᠬᠤ ᠬᠤᠭᠤᠴᠠᠭ᠎ᠠ᠄ 2025 ᠣᠨ ᠤ 3 ᠰᠠᠷ᠎ᠠ ᠶᠢᠨ 1 ᠤ ᠡᠳᠦᠷ ᠠᠴᠠ 2025 ᠣᠨ ᠤ 6 | ᠰᠠᠷ᠎ᠠ ᠶᠢᠨ 30 ᠤ ᠡᠳᠦᠷ ᠪᠣᠯᠲᠠᠯ᠎ᠠ | ᠭᠤᠷᠪᠠ᠂ ᠪᠤᠰᠤᠳ ᠠᠩᠬᠠᠷᠬᠤ ᠵᠦᠢᠯ | ᠭᠡᠷ ᠪᠠᠶᠢᠰᠢᠩ ᠢ ᠬᠠᠤᠯᠢ ᠶᠣᠰᠣᠭᠠᠷ ᠲᠠᠲᠠᠪᠤᠷᠢᠯᠠᠭᠰᠠᠨ ᠤ ᠳᠠᠷᠠᠭ᠎ᠠ᠂ ᠤᠯᠤᠰ ᠤᠨ ᠥᠮᠴᠢᠯᠡᠯ ᠤᠨ ᠭᠠᠵᠠᠷ | ᠰᠢᠷᠤᠢ ᠶᠢ ᠬᠡᠷᠡᠭᠯᠡᠬᠦ ᠡᠷᠬᠡ ᠶᠢ ᠬᠠᠮᠲᠤ ᠳᠤ ᠨᠢ ᠪᠤᠴᠠᠭᠠᠨ ᠠᠪᠤᠨ᠎ᠠ᠃ | ᠲᠣᠰ ᠲᠣᠭᠲᠠᠭᠠᠯ ᠢ ᠵᠥᠪᠰᠢᠶᠡᠷᠡᠬᠦ ᠥᠬᠡᠶ ᠪᠣᠯ ᠲᠣᠰ ᠲᠣᠭᠲᠠᠭᠠᠯ ᠢ ᠣᠯᠤᠭᠰᠠᠨ ᠡᠳᠦᠷ ᠠᠴᠠ ᠡᠬᠢᠯᠡᠨ 60 | ᠡᠳᠦᠷ ᠤᠨ ᠳᠣᠲᠣᠷ᠎ᠠ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠤᠯᠢ ᠶᠣᠰᠣᠭᠠᠷ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ 6 ᠰᠠᠷ᠎ᠠ ᠶᠢᠨ ᠳᠣᠲᠣᠷ᠎ᠠ ᠨᠠᠢᠮᠠᠨ ᠬᠤᠰᠢᠭᠤᠨ ᠤ | ᠠᠷᠠᠳ ᠤᠨ ᠰᠢᠭᠦᠬᠦ ᠬᠤᠷᠢᠶ᠎ᠠ ᠳᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | ᠳᠠᠭᠠᠯᠳᠤᠭᠤᠯᠤᠯ᠄ | | ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠡᠷ ᠪᠠᠶᠢᠰᠢᠩ ᠢ ᠲᠠᠲᠠᠪᠤᠷᠢᠯᠠᠬᠤ ᠳᠤ ᠨᠥᠬᠦᠪᠥᠷᠢ ᠥᠭᠬᠦ ᠲᠥᠰᠦᠯ. | docx | 2025 ᠣᠨ ᠤ 3 ᠰᠠᠷ᠎ᠠ ᠶᠢᠨ 11 ᠤ ᠡᠳᠦᠷ |