ᠣᠷᠣᠰᠢᠨ ᠰᠠᠭᠤᠬᠤ ᠦᠨᠡᠮᠯᠡᠯ ᠴᠤᠬᠤᠯᠠᠪᠤᠷᠢᠯᠠᠬᠤ ᠵᠠᠰᠠᠭ ᠵᠠᠬᠢᠷᠭᠠᠨ ᠤ ᠵᠦᠪᠰᠢᠶᠡᠷᠡᠯ
ᠨᠡᠶᠢᠲᠡᠯᠡᠭᠰᠡᠨ ᠴᠠᠭ᠄
2025/3/14

    ᠵᠦᠢᠯᠡᠰ ᠤᠨ ᠳᠦᠷᠦᠯ ᠵᠦᠢᠯ᠄ ᠵᠠᠰᠠᠭ ᠵᠠᠬᠢᠷᠭᠠᠨ ᠤ ᠵᠦᠪᠰᠢᠶᠡᠷᠡᠯ

    1. ᠵᠦᠢᠯᠡᠰ ᠤᠨ ᠨᠡᠷᠡᠶᠢᠳᠦᠯ᠄ ᠣᠷᠣᠰᠢᠨ ᠰᠠᠭᠤᠬᠤ ᠦᠨᠡᠮᠯᠡᠯ ᠴᠤᠬᠤᠯᠠᠪᠤᠷᠢᠯᠠᠬᠤ

    2. ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠨᠠᠢᠮᠠᠨ ᠬᠤᠰᠢᠭᠤᠨ ᠤ ᠳᠣᠲᠣᠭᠠᠳᠤ ᠶᠢ

ᠬᠠᠮᠠᠭᠠᠯᠠᠬᠤ ᠲᠣᠪᠴᠢᠶ᠎ᠠ

    3 ᠭᠦᠢᠴᠡᠳᠬᠡᠬᠦ ᠨᠥᠬᠦᠴᠡᠯ᠄ ᠣᠷᠣᠰᠢᠨ ᠰᠠᠭᠤᠬᠤ ᠦᠨᠡᠮᠯᠡᠯ ᠭᠠᠷᠳᠠᠭᠴᠢ ᠨᠢ ᠣᠷᠣᠰᠢᠨ ᠰᠠᠭᠤᠭ᠎ᠠ

ᠭᠠᠵᠠᠷ ᠲᠠᠭᠠᠨ ᠵᠠᠯᠭᠠᠯᠳᠤᠭ᠎ᠠ ᠪᠠᠷ ᠣᠷᠣᠰᠢᠨ ᠰᠠᠭᠤᠭᠰᠠᠨ ᠪᠣᠯ᠂ ᠪᠦᠬᠦᠯᠢ 1 ᠵᠢᠯ ᠪᠣᠯᠬᠤ ᠪᠦᠷᠢ ᠠᠴᠠ ᠡᠮᠦᠨᠡᠬᠢ 1

ᠰᠠᠷ᠎ᠠ ᠶᠢᠨ ᠳᠣᠲᠣᠷ᠎ᠠ᠂ ᠣᠷᠣᠰᠢᠨ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠪᠤᠶᠤ ᠳᠣᠲᠣᠭᠠᠳᠤ ᠶᠢ

ᠬᠠᠮᠠᠭᠠᠯᠠᠬᠤ ᠪᠠᠶᠢᠭᠤᠯᠭ᠎ᠠ ᠶᠢᠨ ᠨᠠᠶᠢᠳᠠᠯᠭ᠎ᠠ ᠪᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ

ᠣᠴᠢᠵᠤ ᠴᠤᠬᠤᠯᠠᠪᠤᠷᠢᠯᠠᠬᠤ ᠭᠠᠷᠳᠠᠴᠠ ᠭᠦᠢᠴᠡᠳᠬᠡᠬᠦ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠴᠤᠬᠤᠯᠠᠪᠤᠷᠢᠯᠠᠬᠤ

ᠭᠠᠷᠳᠠᠴᠠ ᠭᠦᠢᠴᠡᠳᠬᠡᠭᠰᠡᠨ ᠦᠭᠡᠶ ᠪᠣᠯ ᠣᠷᠣᠰᠢᠨ ᠰᠠᠭᠤᠬᠤ ᠦᠨᠡᠮᠯᠡᠯ ᠤᠨ ᠬᠡᠷᠡᠭᠯᠡᠬᠦ ᠴᠢᠳᠠᠮᠵᠢ ᠶᠢ ᠵᠣᠭᠰᠣᠭᠠᠨ᠎ᠠ︔

ᠴᠤᠬᠤᠯᠠᠪᠤᠷᠢᠯᠠᠬᠤ ᠭᠠᠷᠳᠠᠴᠠ ᠶᠢ ᠨᠥᠬᠦᠨ ᠭᠦᠢᠴᠡᠳᠬᠡᠵᠦ ᠥᠭᠭᠦᠭᠰᠡᠨ ᠪᠣᠯ᠂ ᠣᠷᠣᠰᠢᠨ ᠰᠠᠭᠤᠬᠤ ᠦᠨᠡᠮᠯᠡᠯ ᠤᠨ

ᠬᠡᠷᠡᠭᠯᠡᠬᠦ ᠴᠢᠳᠠᠮᠵᠢ ᠶᠢ ᠨᠢ ᠰᠡᠷᠭᠦᠭᠡᠵᠦ᠂ ᠣᠷᠣᠰᠢᠨ ᠰᠠᠭᠤᠬᠤ ᠦᠨᠡᠮᠯᠡᠯ ᠭᠠᠷᠳᠠᠭᠴᠢ ᠶᠢᠨ ᠣᠷᠣᠰᠢᠨ ᠰᠠᠭᠤᠬᠤ

ᠭᠠᠵᠠᠷ ᠲᠤ ᠣᠷᠣᠰᠢᠨ ᠰᠠᠭᠤᠬᠤ ᠬᠤᠭᠤᠴᠠᠭ᠎ᠠ ᠶᠢ ᠭᠠᠷᠳᠠᠴᠠ ᠢ ᠨᠥᠬᠦᠵᠦ ᠭᠦᠢᠴᠡᠳᠬᠡᠭᠰᠡᠨ ᠡᠳᠦᠷ ᠠᠴᠠ ᠡᠬᠢᠯᠡᠨ

ᠦᠷᠭᠦᠯᠵᠢᠯᠡᠨ ᠪᠣᠳᠣᠨ᠎ᠠ᠃

    4. ᠭᠦᠢᠴᠡᠳᠭᠡᠬᠦ ᠶᠠᠪᠤᠴᠠ᠄ ︵1︶ ᠭᠤᠶᠤᠴᠢᠯᠠᠨ᠎ᠠ︔ ︵2︶ ᠲᠣᠮᠢᠯᠠᠭᠰᠠᠨ ᠰᠠᠯᠪᠤᠷᠢ ᠬᠢᠨᠠᠨ

ᠬᠠᠷᠭᠤᠭᠤᠯᠵᠤ᠂ ᠭᠥᠯᠢᠶᠡᠨ ᠠᠪᠴᠤ ᠰᠢᠢᠳᠪᠦᠷᠢᠯᠡᠨ᠎ᠡ︔ ︵3︶ ᠲᠤᠬᠠᠶ ᠶᠢᠨ ᠲᠠᠯᠠᠪᠤᠷ ᠲᠤᠨᠢ ᠴᠣᠬᠤᠯᠪᠣᠷᠢᠯᠠᠵᠤ 

ᠭᠦᠢᠴᠡᠳᠭᠡᠵᠦ ᠳᠠᠭᠤᠰᠬᠠᠨ᠎ᠠ᠃

    5. ᠬᠡᠷᠡᠭᠰᠡᠬᠦ ᠮᠠᠲ᠋ᠧᠷᠢᠶᠠᠯ᠄ ︵1︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠰᠠᠭᠤᠭᠠᠯᠢ

ᠠᠷᠠᠳ ᠤᠨ ᠡᠷᠦᠬᠡ ᠠᠮᠠ ᠶᠢᠨ ᠳᠡᠪᠲᠡᠷ︔ ︵2︶ ᠣᠷᠣᠰᠢᠨ ᠰᠠᠭᠤᠬᠤ ᠦᠨᠡᠮᠯᠡᠯ︔ ︵3︶ ᠣᠷᠣᠰᠢᠨ ᠰᠠᠭᠤᠬᠤ

ᠭᠠᠵᠠᠷ ᠤᠨ ᠬᠠᠶ᠋ᠢᠭ᠂ ᠠᠵᠢᠯ ᠣᠯᠬᠤ᠂ ᠰᠤᠷᠤᠯᠴᠠᠬᠤ ᠵᠡᠷᠭᠡ ᠭᠡᠷᠡᠴᠢ ᠮᠠᠲ᠋ᠧᠷᠢᠶᠠᠯ᠃

    6. ᠭᠦᠢᠴᠡᠳᠭᠡᠬᠦ ᠴᠠᠭ ᠤᠨ ᠬᠢᠵᠠᠭᠠᠷ᠄ 3 ᠠᠵᠢᠯᠯᠠᠬᠤ ᠡᠳᠦᠷ ᠤᠨ ᠳᠣᠲᠣᠷ᠎ᠠ

    ᠰᠦᠢᠳᠬᠡᠯ ᠬᠤᠷᠢᠶᠠᠬᠤ ᠦᠨᠳᠦᠰᠦᠯᠡᠯ ᠪᠠ ᠪᠠᠷᠢᠮᠵᠢᠶ᠎ᠠ᠄ ᠰᠦᠢᠳᠬᠡᠯ ᠬᠤᠷᠢᠶᠠᠬᠤ ᠦᠬᠡᠢ

    7. ᠭᠦᠢᠴᠡᠳᠭᠡᠬᠦ ᠭᠠᠵᠠᠷ᠄ ᠨᠠᠢᠮᠠᠨ ᠬᠤᠰᠢᠭᠤᠨ ᠤ ᠴᠢᠩ ᠯᠦᠩ ᠱᠠᠨ ᠵᠠᠮ ᠤᠨ ᠵᠡᠭᠦᠨ᠂ ᠯᠢᠶᠣᠤ ᠾᠧ ᠶᠡᠭᠡ

ᠵᠡᠭᠡᠯᠢ ᠶᠢᠨ ᠬᠤᠶᠢᠲᠤ 5G ᠠᠵᠤ ᠦᠢᠯᠡᠰ ᠤᠨ ᠬᠦᠷᠢᠶᠡᠯᠡᠩ ᠤᠨ ᠨᠠᠢᠮᠠᠨ ᠬᠤᠰᠢᠭᠤᠨ ᠤ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ ᠶᠢᠨ ᠳᠣᠲᠣᠭᠠᠳᠤ ᠶᠢ ᠬᠠᠮᠠᠭᠠᠯᠠᠬᠤ

ᠴᠤᠩᠬᠤᠪᠴᠢ

    8. ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄

30-12᠄ 00᠂ ᠦᠳᠡ ᠶᠢᠨ ᠬᠤᠶᠢᠨᠠᠬᠢ 14᠄ 30-17᠄ 30 ︵ᠬᠠᠤᠯᠢ ᠳᠤ ᠲᠣᠭᠲᠠᠭᠠᠭᠰᠠᠨ ᠪᠠᠶᠠᠷ

ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶

    9. ᠠᠰᠠᠭᠤᠨ ᠯᠠᠪᠯᠠᠬᠤ ᠤᠲᠠᠰᠤ᠄ 0475 - 4210100

    10. ᠨᠡᠶᠢᠲᠡ ᠶᠢᠨ ᠮᠠᠰᠢᠨ ᠲᠡᠷᠬᠡᠨ ᠤ ᠵᠠᠮ ᠱᠤᠭᠤᠮ᠄ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠬᠡᠨ ᠳᠤ

ᠰᠠᠭᠤᠵᠤ ᠮᠧᠩ ᠳ᠋ᠥᠩ 5G ᠤᠶᠤᠨᠳᠤ ᠶᠡᠷᠦᠩᠭᠡᠶᠢᠯᠡᠭᠰᠡᠨ ᠠᠵᠦ ᠦᠢᠯᠡᠰ ᠤᠨ ᠬᠦᠷᠢᠶᠡᠯᠡᠩ ᠳᠤ ᠪᠠᠭᠤᠨ᠎ᠠ᠃

    11. ᠬᠢᠨᠠᠯᠲᠠ ᠲᠠᠯᠪᠢᠵᠤ ᠵᠠᠭᠠᠯᠳᠤᠬᠤ ᠠᠷᠭ᠎ᠠ ᠮᠠᠶ᠋ᠢᠭ᠄ 0475 - 12345

   

 
ᠢᠷᠡᠯᠲᠡ᠄ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号