ᠨᠠᠢᠮᠠᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠳᠤ ᠴᠢᠳᠠᠪᠤᠷᠢ ᠣᠯᠭᠤᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠡᠭᠦᠳᠪᠡ
ᠨᠡᠶᠢᠲᠡᠯᠡᠭᠰᠡᠨ ᠴᠠᠭ᠄
2025/3/17
    ᠰᠤᠷᠪᠤᠯᠵᠢᠯᠠᠭᠰᠠᠨ ᠴᠠᠭ᠄ 2025-02-28    ᠰᠤᠷᠪᠤᠯᠵᠢᠯᠠᠭᠰᠠᠨ ᠵᠤᠴᠢᠨ᠄ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠳ᠋ᠦᠩ ᠰᠢᠶᠠᠩ     ᠲᠤᠪᠴᠢᠯᠠᠯ ᠄ ᠨᠠᠢᠮᠠᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢᠨ ᠲᠣᠭᠤᠷᠢᠨ ᠳᠤ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ ᠤᠯᠠᠮ ᠨᠢᠭᠡ ᠠᠯᠬᠤᠮ ᠪᠠᠬᠢᠵᠢᠭᠦᠯᠦᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠭᠦᠨᠵᠡᠭᠡᠶᠢᠷᠡᠭᠦᠯᠵᠦ ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠠᠮᠢᠶᠠᠷᠤᠯᠲᠠ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠠᠷᠢᠯᠢᠭ ᠬᠠᠮᠢᠶᠠᠷᠤᠯᠲᠠ ᠦᠢᠯᠡᠴᠢᠯᠡᠭᠡ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠣᠯᠭᠤᠬᠤ ᠪᠠᠷ ᠭᠤᠤᠯᠳᠠᠯᠭ᠎ᠠ ᠪᠣᠯᠭᠠᠵᠤ᠂ ᠥᠭᠡᠷᠡᠴᠢᠯᠡᠯᠲᠡ ᠶᠢ ᠡᠷᠡᠰ ᠭᠤᠶᠢᠪᠢᠰᠢ ᠥᠬᠡᠶ ᠪᠠᠷ ᠠᠬᠢᠭᠤᠯᠵᠤ᠂ ᠬᠠᠮᠢᠶᠠᠷᠤᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠪᠠ᠃    ᠦᠰᠦᠭ ᠪᠢᠴᠢᠭ ᠤᠨ ᠪᠣᠳᠠᠳᠤ ᠲᠡᠮᠳᠡᠭᠯᠡᠯᠬᠦᠲᠦᠯᠦᠭᠴᠢ    2024 ᠣᠨ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠶᠠᠮᠠᠷ ᠵᠡᠷᠭᠡ ᠪᠣᠶ︖ᠵᠤᠴᠢᠨ    2024 ᠣᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 3.41 ᠲᠦᠮᠡ ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 33.94 ᠲᠦᠮᠡ ᠳᠤ ᠬᠦᠷᠴᠦ᠂ ᠪᠦᠬᠦᠯᠢ ᠴᠣᠭᠴᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 96.3% ᠳᠤ ᠬᠦᠷᠴᠡᠶ᠃ ᠪᠥᠬᠦ ᠬᠤᠰᠢᠭᠤᠨ ᠤ ᠣᠨᠴᠠ ᠬᠦᠴᠢᠷᠳᠡᠯᠲᠡᠶ ᠡᠷᠦᠬᠡ᠂ ᠥᠨᠥᠴᠢᠨ ᠬᠡᠤᠬᠡᠳ ︵ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠪᠠᠭᠲᠠᠨ᠎ᠠ︶᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠡᠪ ᠤᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠶᠢᠨ ᠬᠦᠴᠢᠷᠳᠡᠯᠲᠡᠶ ᠡᠷᠦᠬᠡ᠂ ᠠᠰᠠᠷᠠᠨ ᠬᠠᠷᠠᠭᠠᠯᠵᠠᠬᠤ ᠡᠲᠡᠭᠡᠳ᠂ ᠬᠦᠨᠳᠦ ᠵᠡᠮᠳᠡᠭ ᠵᠡᠷᠭᠡ ᠣᠨᠴᠠᠭᠠᠶ ᠰᠦᠢᠳᠭᠡᠯ ᠲᠤᠰᠢᠶᠠᠬᠤ ᠬᠠᠮᠲᠤᠯᠢᠭ ᠤᠨ ᠳᠠᠭᠠᠳᠬᠠᠯ ᠳᠤ ᠣᠷᠣᠯᠴᠠᠭᠰᠠᠨ ᠶᠡᠷᠦᠩᠬᠡᠶ ᠬᠥᠮᠦᠨ ᠤ ᠲᠤᠭ᠎ᠠ 89395 ᠬᠥᠮᠦᠨ ᠪᠠᠶᠢᠵᠤ᠂ ᠬᠥᠳᠡᠯᠦᠩᠭᠦᠶ ᠪᠠᠷ ᠲᠡᠭᠰᠢᠷᠡᠭᠦᠯᠬᠦ ᠶᠢ ᠪᠡᠶᠡᠯᠡᠭᠦᠯᠪᠡ᠃ᠬᠥᠲᠥᠯᠦᠭᠴᠢ    2024 ᠣᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠶᠠᠮᠠᠷ ᠵᠡᠷᠭᠡ ᠪᠣᠶ︖ᠵᠤᠴᠢᠨ     2024 ᠣᠨ ᠳᠤ ᠨᠠᠢᠮᠠᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ 2024 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ 31674 ᠬᠥᠮᠦᠨ ᠤᠳᠠᠭ᠎ᠠ ᠭᠥᠷᠳᠡᠵᠦ᠂ ᠰᠠᠭᠤᠷᠢ ᠮᠥᠩᠭᠦ ᠶᠢᠨ ᠵᠠᠷᠤᠯᠭ᠎ᠠ 1600 ᠲᠦᠮᠡᠨ ᠲᠥᠭᠦᠷᠢᠭ ᠲᠤ ᠬᠦᠷᠴᠦ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠨᠡᠶᠢᠲᠡ 41400 ᠲᠦᠮᠡᠨ ᠲᠥᠭᠦᠷᠢᠭ ᠲᠤ ᠬᠦᠷᠴᠡᠶ︔ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ 161410 ᠬᠦᠮᠦᠨ ᠤᠳᠠᠭ᠎ᠠ ᠭᠥᠷᠳᠡᠵᠦ᠂ ᠰᠠᠭᠤᠷᠢ ᠮᠥᠩᠭᠦ ᠶᠢᠨ ᠵᠠᠷᠤᠯᠭ᠎ᠠ 27700 ᠲᠦᠮᠡᠨ ᠲᠥᠭᠦᠷᠢᠭ ᠲᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠨᠡᠶᠢᠲᠡ 26800 ᠲᠦᠮᠡᠨ ᠲᠥᠭᠦᠷᠢᠭ ᠲᠤ ᠬᠦᠷᠴᠡᠶ᠃ᠬᠥᠲᠥᠯᠦᠭᠴᠢ    ᠡᠮ ᠤᠨ ᠵᠦᠢᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠬᠤᠳᠠᠯᠳᠤᠨ ᠠᠪᠤᠭᠰᠠᠨ ᠠᠵᠢᠯ ᠤᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ︖ᠵᠤᠴᠢᠨ    ᠨᠠᠢᠮᠠᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠤᠬᠠᠶ ᠲᠣᠭᠲᠠᠭᠠᠯ ᠢ ᠴᠢᠩᠭ᠎ᠠ ᠬᠡᠷᠡᠭᠵᠢᠭᠦᠯᠪᠡ᠃ ᠨᠢᠭᠡ ᠳᠤ᠂ ᠡᠮ ᠤᠨ ᠵᠦᠢᠯᠡᠰ ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠠᠵᠢᠯ ᠢ ᠬᠢᠨᠠᠮᠠᠭᠠᠶ ᠰᠠᠶᠢᠲᠤᠷ ᠬᠢᠪᠡ᠃ ᠪᠥᠬᠦ ᠬᠤᠰᠢᠭᠤᠨ ᠤ ᠠᠯᠪᠠᠨ ᠠᠴᠠ ᠪᠠᠶᠢᠭᠤᠯᠤᠭᠰᠠᠨ 25 ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠳᠤ ᠣᠷᠣᠯᠴᠠᠭᠰᠠᠨ ᠨᠣᠷᠮ᠎ᠠ ᠨᠢ ᠴᠥᠮ 100% ᠳᠤ ᠬᠦᠷᠴᠦ᠂ 2024 ᠣᠨ ᠤ ᠪᠥᠬᠦ ᠵᠢᠯ ᠤᠨ ᠡᠮ ᠤᠨ ᠵᠦᠢᠯ ᠤᠨ ᠰᠦᠯᠵᠢᠶ᠎ᠡ ᠪᠠᠷ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 12124.35 ᠲᠦᠮᠡᠨ ᠲᠥᠭᠦᠷᠢᠭ᠂ ᠬᠤᠷᠣᠭᠳᠠᠯ ᠮᠠᠲ᠋ᠧᠷᠢᠶᠠᠯ ᠤᠨ ᠰᠦᠯᠵᠢᠶ᠎ᠡ ᠪᠠᠷ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 3399.87 ᠲᠦᠮᠡᠨ ᠲᠥᠭᠦᠷᠢᠭ ᠲᠤ ᠬᠦᠷᠴᠡᠢ᠃ ᠬᠤᠶᠠᠷ ᠲᠤ᠂ ︽4 +7︾ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠠ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ  ᠠᠬᠢᠭᠤᠯᠪᠠ᠃ ᠡᠭᠦᠨ ᠳᠤ ᠡᠮ ᠤᠨ ᠵᠦᠢᠯᠡᠰ ᠢ ᠶᠢᠰᠦᠨ ᠪᠦᠯᠦᠭ ᠤᠳᠠᠭ᠎ᠠ ᠤᠯᠤᠰ ᠤᠨ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠪᠠ ᠠᠷᠪᠠᠨ ᠳᠥᠷᠪᠡᠨ ᠪᠦᠯᠦᠭ ᠤᠳᠠᠭ᠎ᠠ ᠮᠤᠵᠢ ᠶᠢᠨ ᠬᠤᠭᠤᠷᠣᠨᠳᠣᠬᠢ ᠬᠤᠯᠪᠣᠭ᠎ᠠ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠵᠣᠬᠢᠶᠠᠨ ᠪᠠᠶᠢᠭᠤᠯᠤᠨ ᠦᠷᠨᠢᠭᠦᠯᠦᠨ᠂ ᠨᠡᠶᠢᠲᠡ 1056 ᠲᠦᠷᠦᠯ ᠵᠦᠢᠯ ᠪᠠᠶᠢᠵᠤ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 2753.92 ᠲᠦᠮᠡᠨ ᠲᠥᠭᠦᠷᠢᠭ ᠲᠤ ᠬᠦᠷᠴᠡᠶ᠃ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ 35 ᠪᠦᠯᠦᠭ ᠤᠳᠠᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠵᠦ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ 321.90 ᠲᠦᠮᠡᠨ ᠲᠥᠭᠦᠷᠢᠭ ᠲᠤ ᠬᠥᠷᠪᠡ᠃ᠬᠥᠲᠥᠯᠦᠭᠴᠢ    ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠬᠡᠷᠬᠢᠨ  ᠬᠢᠭᠰᠡᠨ ᠪᠣᠶ︖ᠵᠤᠴᠢᠨ     ᠤᠬᠠᠭᠤᠯᠭ᠎ᠠ ᠶᠢᠨ ᠰᠠᠮᠪᠠᠷ᠎ᠠ ᠦᠢᠯᠡᠳᠬᠦ᠂ ᠤᠬᠠᠭᠤᠯᠭ᠎ᠠ ᠶᠢᠨ ᠭᠠᠷ ᠳᠡᠪᠲᠡᠷ ᠵᠢᠴᠢ ᠵᠠᠷᠯᠠᠯ ᠲᠠᠷᠬᠠᠭᠠᠬᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠳ᠋ᠤᠭᠠᠷ ᠤᠨ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠪᠠ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ ᠶᠢ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠵᠤᠷᠢᠭᠵᠢᠭᠤᠯᠪᠠ᠃ᠬᠥᠲᠥᠯᠦᠭᠴᠢ    ᠨᠠᠢᠮᠠᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠪᠣᠶ︖ᠵᠤᠴᠢᠨ     ᠨᠢᠭᠡ ᠳᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠤᠨ᠂ ︽ᠨᠠᠢᠮᠠᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠪᠠᠭᠤᠯᠭᠠᠪᠠ᠂ ᠬᠤᠶᠠᠷ ᠲᠤ ᠡᠳᠦᠷ ᠲᠤᠲᠤᠮ ᠤᠨ ᠪᠠᠶᠢᠴᠠᠭᠠᠯᠲᠠ᠂ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ᠂ ᠣᠶᠤᠨᠴᠢ ᠬᠢᠨᠠᠨ ᠬᠠᠷᠭᠤᠭᠤᠯᠤᠯᠲᠠ᠂ ︽ᠬᠠᠭᠤᠷᠮᠠᠭ ᠢᠶᠠᠷ ᠡᠮᠨᠡᠯᠭᠡ ᠳᠤ ᠰᠠᠭᠤᠬᠤ︾ ᠱᠠᠯᠠᠪᠳᠠᠨ ᠪᠠᠶᠢᠴᠠᠭᠠᠯᠲᠠ᠂ ᠤᠯᠤᠰ ᠤᠨ ᠰᠡᠵᠢᠭᠲᠡᠶ ᠴᠡᠭ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ᠂ ᠳᠠᠭᠠᠳᠬᠠᠯ ᠤᠨ ᠮᠡᠬᠡᠯᠡᠨ ᠬᠢᠬᠠᠬᠤ ᠳᠤ ᠴᠣᠬᠢᠯᠲᠠ ᠥᠭᠬᠦ ᠲᠤᠰᠬᠠᠶ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠬᠤᠰᠢᠭᠤᠨ ᠤ 304 ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠳᠤ ᠨᠡᠶᠢᠳᠡᠮ ᠪᠠᠶᠢᠴᠠᠭᠠᠯᠲᠠ ᠬᠢᠵᠦ᠂ ᠬᠠᠤᠯᠢ ᠲᠣᠭᠲᠠᠭᠠᠯ ᠶᠣᠰᠣᠭᠠᠷ 204 ᠪᠠᠶᠢᠭᠤᠯᠤᠮᠵᠢ ᠶᠢ ᠰᠢᠢᠳᠪᠦᠷᠢᠯᠡᠵᠦ᠂ 50 ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠦᠴᠦᠨ ᠥᠬᠡᠶ ᠪᠣᠯᠭᠠᠵᠤ᠂ 4 ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠢ ᠳ᠋ᠦᠩᠨᠡᠨ ᠪᠤᠳᠤᠬᠤ ᠶᠢ ᠲᠦᠷ ᠵᠣᠭᠰᠣᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠡᠶᠢᠲᠡ 5 ᠲᠦᠮᠡᠨ ᠲᠥᠭᠦᠷᠢᠭ ᠨᠡᠬᠡᠵᠦ ᠠᠪᠴᠢᠷᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠭᠡᠨᠡᠲᠡᠭᠦᠯᠦᠨ ᠪᠠᠶᠢᠴᠠᠭᠠᠯᠲᠠ ᠶᠢ ᠬᠦᠯᠢᠶᠡᠪᠡ᠃ᠬᠦᠲᠦᠯᠦᠭᠴᠢ    ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠬᠡᠷᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠶ︖ᠵᠤᠴᠢᠨ     ᠨᠢᠭᠡ ᠳᠤ᠂ ︽ᠨᠠᠢᠮᠠᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠦᠴᠢᠷᠳᠡᠯᠲᠡᠶ ᠬᠠᠮᠲᠤᠯᠢᠭ ᠤᠨ ᠳᠠᠭᠠᠳᠬᠠᠯ ᠳᠤ ᠣᠷᠣᠯᠴᠠᠬᠤ ᠡᠬᠡ ᠲᠠᠩᠰᠠ ᠶᠢ ᠪᠠᠶᠢᠭᠤᠯᠵᠤ᠂ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠬᠤ ᠶᠢ ᠪᠦᠬᠦᠨ ᠢ ᠬᠠᠮᠤᠷᠬᠤ ᠶᠢ ᠪᠠᠲᠤᠯᠠᠪᠠ᠃ ᠬᠤᠶᠠᠷ ᠲᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠬᠥᠮᠦᠰ ᠲᠤ 180 ᠲᠥᠭᠦᠷᠢᠭ ᠤᠨ ᠲᠣᠭᠲᠠᠭᠰᠠᠨ ᠨᠣᠷᠮ᠎ᠠ ᠤᠨ ᠵᠣᠭᠤᠰ ᠢᠶᠠᠷ ᠲᠤᠰᠠᠯᠠᠵᠤ ᠂ ᠣᠨᠴᠠ ᠬᠦᠴᠢᠷᠳᠡᠯᠲᠡᠶ ᠬᠥᠮᠦᠰ ᠲᠤ ᠪᠥᠬᠦ ᠲᠤᠭ᠎ᠠ ᠪᠠᠷ ᠵᠣᠭᠤᠰ ᠢᠶᠠᠷ ᠲᠤᠰᠠᠯᠠᠬᠤ ᠶᠢ ᠬᠡᠷᠡᠭᠵᠢᠭᠦᠯᠪᠡ᠃ ᠭᠤᠷᠪᠠ ᠳᠤ᠂ ︽ᠨᠠᠢᠮᠠᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠷᠢᠯᠴᠠᠬᠤ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠷᠢᠯᠴᠠᠬᠤ ᠴᠡᠭ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ ᠢᠶᠠᠷ ᠳᠠᠮᠵᠢᠭᠤᠯᠤᠨ᠂ ᠬᠢᠨᠠᠨ ᠬᠡᠮᠵᠢᠵᠦ ᠣᠯᠤᠭᠰᠠᠨ ᠡᠮᠴᠢᠯᠡᠭᠡᠨ ᠤ ᠥᠪᠡᠰᠦᠪᠡᠨ ᠳᠥᠯᠥᠬᠦ ᠵᠠᠷᠤᠳᠠᠯ ᠤᠨ ᠵᠠᠷᠤᠯᠭ᠎ᠠ ᠶᠢᠨ ᠨᠡᠯᠢᠶᠡᠳ ᠶᠡᠭᠡ ᠬᠥᠮᠦᠰ ᠤᠨ ᠮᠡᠳᠡᠭᠡ ᠵᠠᠩᠭᠢ ᠶᠢ ᠠᠷᠠᠳ ᠤᠨ ᠶᠠᠪᠤᠳᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠦᠷᠭᠡᠵᠦ᠂ 2024 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ ᠤᠯᠠᠭᠠᠨ ᠥᠩᠭᠡ ᠶᠢᠨ ᠰᠡᠷᠡᠮᠵᠢᠯᠡᠭᠦᠯᠦᠯ ᠢ524 ᠬᠥᠮᠦᠨ᠂ ᠤᠯᠠᠪᠲᠤᠷ ᠰᠢᠷ᠎ᠠ ᠥᠩᠭᠡ ᠶᠢᠨ ᠰᠡᠷᠡᠮᠵᠢᠯᠡᠭᠦᠯᠦᠯ ᠢ 1813 ᠬᠥᠮᠦᠨ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠢ 3860 ᠬᠥᠮᠦᠨ ᠳᠤ ᠬᠦᠷᠭᠡᠭᠰᠡᠨ ᠪᠠᠶᠢᠨ᠎ᠠ᠃ᠬᠥᠲᠥᠯᠦᠭᠴᠢ    ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠬᠡᠷᠬᠢᠨ  ᠠᠬᠢᠭᠤᠯᠤᠭᠰᠠᠨ ᠪᠣᠶ︖ᠵᠤᠴᠢᠨ     ᠨᠢᠭᠡ ᠳᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢ ᠦᠷᠭᠦᠯᠵᠢᠯᠡᠨ  ᠲᠡᠭᠦᠯᠳᠡᠷᠵᠢᠭᠦᠯᠪᠡ᠃ ᠤᠯᠤᠰ ᠤᠨ ᠬᠡᠯᠡᠯᠴᠡᠭᠡᠷ ᠤᠨ ᠡᠮ ᠤᠨ ᠵᠦᠢᠯᠡᠰ ᠢ ᠪᠣᠳᠠᠲᠠᠢ ᠭᠠᠵᠠᠷ ᠲᠤᠨᠢ ᠬᠡᠷᠡᠭᠵᠢᠭᠦᠯᠬᠦ ᠶᠢ ᠠᠬᠢᠭᠤᠯᠵᠤ᠂ 43 ᠵᠦᠢᠯ ᠤᠨ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠬᠦ ᠡᠮ ᠪᠠ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠢ ᠡᠪᠡᠳᠴᠢᠨ ᠳᠤ ᠬᠡᠷᠡᠭᠯᠡᠬᠦ ᠡᠮ ᠳᠤ ᠬᠤᠣᠰ ᠵᠠᠮ ᠤᠨ ᠬᠠᠮᠢᠶᠠᠷᠤᠯᠲᠠ ᠶᠢ  ᠬᠡᠷᠡᠭᠵᠢᠭᠦᠯᠪᠡ᠃ ᠬᠤᠶᠠᠷ ᠲᠤ᠂ DIP ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠡᠯ᠎ᠡ ᠵᠦᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠡᠮᠨᠡᠯᠭᠡ ᠳᠤ ᠰᠠᠭᠤᠭᠰᠠᠨ ᠡᠮᠴᠢᠯᠡᠭᠡᠨ ᠤ ᠪᠠᠶᠢᠭᠤᠯᠤᠮᠵᠢ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠪᠥᠬᠦ ᠶᠠᠪᠤᠴᠠ ᠶᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠶᠢ ᠠᠮᠵᠢᠯᠲᠠ ᠲᠠᠢ ᠪᠡᠶᠡᠯᠡᠭᠦᠯᠪᠡ᠃ ᠪᠥᠬᠦ ᠬᠤᠰᠢᠭᠤᠨ ᠤ ᠡᠮᠨᠡᠯᠭᠡ ᠳᠤ ᠰᠠᠭᠤᠭᠰᠠᠨ ᠳ᠋ᠦᠩᠨᠡᠨ ᠪᠤᠳᠤᠬᠤ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ 35 ᠪᠠᠶᠢᠵᠤ᠂ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠨᠠᠷᠢᠨ ᠲᠠᠩᠰᠠ ᠶᠢᠨ ᠲᠣᠬᠢᠷᠠᠭᠤᠯᠤᠯᠲᠠ ᠶᠢᠨ ᠨᠣᠷᠮ᠎ᠠ᠂ ᠬᠢᠷᠢ ᠲᠡᠩᠴᠡᠭᠰᠡᠨ ᠨᠣᠷᠮ᠎ᠠ ᠨᠢ ᠴᠥᠮ 100% ᠳᠤ ᠬᠦᠷᠴᠦ᠂ 2024 ᠣᠨ ᠳᠤ ᠨᠡᠶᠢᠲᠡ 365.25 ᠲᠦᠮᠡᠨ ᠲᠥᠭᠦᠷᠢᠭ ᠤᠨ ᠠᠰᠢᠭ ᠣᠯᠵᠠᠪᠤᠷᠢ ᠣᠯᠪᠠ᠃ᠬᠥᠲᠥᠯᠦᠭᠴᠢ     ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠬᠡᠷᠬᠢᠨ ᠰᠢᠯᠢᠳᠡᠭᠵᠢᠭᠦᠯᠦᠭᠰᠡᠨ ᠪᠣᠶ︖ ᠵᠤᠴᠢᠨ     ᠦᠢᠯᠡᠴᠢᠯᠡᠭᠡᠨ ᠤ ᠶᠠᠰᠤ ᠴᠢᠨᠠᠷ ᠤᠨ ᠰᠢᠯᠢᠳᠡᠭ ᠪᠣᠯᠬᠤ ᠪᠠᠷ ᠴᠢᠷᠮᠠᠶᠢᠬᠤ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠳᠠᠴᠠ ᠭᠦᠢᠴᠡᠳᠬᠡᠬᠦ ᠴᠣᠩᠬᠤᠪᠴᠢ ᠦᠢᠯᠡᠴᠢᠯᠡᠭᠡᠨ ᠤ ︽ᠶᠡᠷᠦᠩᠬᠡᠶᠢᠯᠡᠭᠰᠡᠨ ᠴᠤᠩᠬᠤᠪᠴᠢ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ᠂ ᠨᠢᠭᠡ ᠳᠠᠩ ᠭᠠᠭᠴᠠ ᠳᠦᠷᠢᠮ ᠢᠶᠠᠷ ᠭᠦᠢᠴᠡᠳᠬᠡᠵᠦ ᠳᠠᠭᠤᠰᠬᠠᠬᠤ︾ ᠶᠢ ᠠᠬᠢᠭᠤᠯᠪᠠ︔ ︽ᠡᠮ ᠡᠮᠨᠡᠯᠭᠡ ᠶᠢᠨ ᠳᠠᠭᠠᠳᠬᠠᠯ + ᠪᠠᠩᠬᠢ + N︾ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠣᠤᠷ ᠴᠡᠭ ᠤᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ 12 ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠥᠨᠳᠥᠷ ᠳᠠᠪᠲᠠᠮᠵᠢᠲᠤ ᠭᠠᠷᠳᠠᠴᠠ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠲᠠᠷᠢᠶᠠᠯᠠᠩ ᠤᠨ ᠬᠠᠮᠲᠤᠷᠠᠯᠴᠠᠭᠠᠨ ᠤ ᠪᠠᠩᠬᠢ ᠶᠢᠨ ᠬᠠᠷᠢᠶᠠᠨ ᠳᠠᠬᠢ 33 ᠡᠮ ᠡᠮᠨᠡᠯᠭᠡ ᠶᠢᠨ ᠪᠠᠩᠬᠢ ᠶᠢᠨ ᠨᠢᠭᠡ ᠴᠣᠭᠴᠠᠵᠢᠭᠤᠯᠤᠭᠰᠠᠨ ᠲᠣᠤᠷ ᠴᠡᠭ ᠲᠤ ᠪᠠᠭᠤᠯᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ︽ᠣᠶᠢᠷ᠎ᠠ ᠬᠠᠪᠢ ᠳᠠᠭᠠᠨ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠮᠢᠩᠭᠠᠨ ᠬᠥᠮᠦᠨ ᠠᠴᠠ ᠳᠠᠪᠠᠭᠰᠠᠨ 2 ᠠᠵᠤ ᠠᠬᠤᠶᠢᠯᠠᠯ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠳᠤ ︽ᠨᠢᠭᠡ ᠡᠭᠦᠳᠡ ᠪᠠᠷ ᠣᠷᠣᠵᠤ᠂ ᠬᠤᠶᠠᠷ ᠶᠠᠪᠤᠳᠠᠯ ᠭᠦᠢᠴᠡᠳᠭᠡᠬᠦ︾ ᠶᠢ ᠦᠨᠡᠨᠬᠦ ᠡᠳ᠋ᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ  ᠭᠠᠷᠳᠠᠴᠠ ᠭᠦᠢᠴᠡᠳᠭᠡᠬᠦ ︽15 ᠮᠢᠨᠦ᠋ᠲ ᠤᠨ ᠦᠢᠯᠡᠴᠢᠯᠡᠭᠡᠨ ᠤ ᠬᠦᠷᠢᠶ᠎ᠡ︾ ᠶᠢ ᠦᠨᠡᠨᠬᠦ ᠣᠯᠠᠨ ᠲᠦᠮᠡᠨ ᠤ ᠥᠨᠴᠥᠭ ᠪᠤᠯᠤᠩ ᠨᠢᠭᠡᠪᠦᠷᠢ ᠳᠤ ᠬᠦᠷᠲᠡᠯ᠎ᠡ ᠥᠷᠭᠡᠳᠬᠡᠵᠦ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠰᠢᠨ᠎ᠡ ᠦᠷ᠎ᠡ ᠪᠦᠲᠦᠮᠵᠢ ᠶᠢ ᠲᠠᠰᠤᠷᠠᠯᠲᠠ ᠥᠬᠡᠶ ᠢᠯᠡᠷᠡᠭᠦᠯᠪᠡ᠃ᠬᠦᠲᠦᠯᠦᠭᠴᠢ    2025 ᠣᠨ ᠳᠤ ᠨᠠᠢᠮᠠᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ︖ᠵᠤᠴᠢᠨ    ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠠᠷᠢᠯᠢᠭ ᠬᠠᠮᠢᠶᠠᠷᠤᠯᠲᠠ ᠦᠢᠯᠡᠴᠢᠯᠡᠭᠡ ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠪᠤᠷᠢ ᠶᠢ ᠣᠯᠭᠤᠬᠤ ᠪᠠᠷ ᠭᠤᠣᠯᠳᠠᠯᠭ᠎ᠠ ᠪᠣᠯᠭᠠᠵᠤ᠂ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠠᠬᠢᠭᠤᠯᠵᠤ᠂ ᠬᠠᠮᠢᠶᠠᠷᠤᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ᠬᠥᠲᠥᠯᠦᠭᠴᠢ     2025 ᠣᠨ ᠳᠤ ᠮᠠᠨ ᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠳᠤ ᠶᠠᠮᠠᠷ ᠲᠥᠯᠥᠪᠯᠡᠭᠡ ᠪᠠᠶᠢᠬᠤ ᠪᠣᠶ︖ᠵᠤᠴᠢᠨ     ᠨᠢᠭᠡ ᠳᠤ᠂ ᠲᠦᠭᠡᠮᠡᠯ ᠬᠠᠷᠠᠭᠠᠯᠵᠠᠯ ᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠤᠨ ᠰᠢᠨ᠎ᠡ ᠪᠠᠶᠢᠳᠠᠯ ᠢ ᠨᠡᠬᠡᠭᠡᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠦᠷᠭᠦᠯᠵᠢᠯᠡᠨ ᠠᠬᠢᠭᠤᠯᠵᠤ᠂ ᠰᠤᠷᠤᠭᠴᠢᠳ ᠤᠨ ᠳᠠᠭᠠᠳᠬᠠᠯ ᠳᠤ ᠣᠷᠣᠯᠴᠠᠬᠤ᠂ ᠣᠨᠴᠠᠭᠠᠶ ᠬᠥᠮᠦᠰ ᠤᠨ ᠳᠠᠭᠠᠳᠬᠠᠯ ᠳᠤ ᠣᠷᠣᠯᠴᠠᠬᠤ ᠶᠢ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ︽ᠬᠥᠮᠦᠨ ᠪᠠ ᠡᠷᠦᠬᠡ ᠰᠠᠯᠬᠤ︾ ᠳᠠᠭᠠᠳᠬᠠᠯ ᠳᠤ ᠣᠷᠣᠯᠴᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯᠲᠠᠨ ᠠᠵᠢᠯᠴᠢᠨ ᠤ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨᠬᠦ ᠪᠠᠲᠤᠯᠠᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠣᠷᠣᠨ ᠵᠠᠶ ᠶᠢ ᠭᠦᠨᠵᠡᠭᠡᠶ ᠠᠭᠤᠳᠠᠯᠵᠤ᠂ ᠳᠠᠭᠠᠳᠬᠠᠯ ᠳᠤ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠬᠦ ᠰᠢᠨ᠎ᠡ ᠠᠷᠭ᠎ᠠ ᠬᠡᠮᠵᠢᠶ᠎ᠡ ᠰᠢᠨ᠎ᠡ ᠠᠷᠭ᠎ᠠ ᠵᠠᠮ ᠢ ᠪᠥᠬᠦ ᠲᠠᠯ᠎ᠠ ᠪᠠᠷ ᠦᠷᠭᠡᠳᠭᠡᠨ᠎ᠡ᠃ ᠤᠷᠢᠳᠴᠢᠯᠠᠨ ᠪᠠᠶᠢᠷᠢᠯᠠᠭᠤᠯᠵᠤ ᠤᠷᠢᠳᠴᠢᠯᠠᠨ ᠲᠦᠯᠦᠪᠯᠡᠨ᠎ᠡ᠃ 2024 ᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠪᠦᠷᠢᠳᠬᠡᠨ ᠬᠤᠷᠢᠶᠠᠩᠭᠤᠶᠢᠯᠠᠬᠤ ᠶᠢ ᠰᠠᠶᠢᠲᠤᠷ ᠬᠢᠵᠦ᠂ ᠲᠤᠷᠰᠢᠯᠭ᠎ᠠ ᠬᠢᠳᠡᠯ ᠢᠶᠠᠨ ᠳ᠋ᠦᠩᠨᠡᠨ᠂ 2025 ᠵᠢᠴᠢ 2026 ᠣᠨ ᠤ ᠳᠠᠭᠠᠳᠬᠠᠯ ᠳᠤ ᠣᠷᠣᠯᠴᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃    ᠬᠤᠶᠠᠷ ᠲᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠠᠵᠢᠯ ᠢ ᠰᠢᠨ᠎ᠡ ᠰᠢᠪᠲᠤᠯᠤᠯᠲᠠ ᠲᠠᠢ ᠪᠤᠯᠭᠠᠨ᠎ᠠ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠲᠣᠬᠢᠷᠠᠭᠤᠯᠤᠨ᠎ᠠ᠃ ᠦᠯᠡᠳᠡᠭᠡᠯ ᠬᠡᠮᠵᠢᠶ᠎ᠡ ᠶᠢ ᠢᠯᠭᠠᠷᠠᠭᠤᠯᠵᠤ᠂ ᠨᠡᠮᠡᠭᠳᠡᠯ ᠤᠨ ᠬᠡᠮᠵᠢᠶ᠎ᠡ ᠶᠢ ᠪᠠᠭᠠᠰᠬᠠᠨ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠪᠠ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠲᠣᠬᠢᠲᠠᠶ ᠰᠠᠶᠢᠲᠤᠷ ᠬᠢᠵᠦ᠂ ︽ᠡᠪᠡᠳᠴᠢᠨ ᠤ ᠲᠥᠷᠥᠯ ᠤᠨ ᠪᠠᠲᠤᠯᠠᠭ᠎ᠠ︾ ᠶᠢ ︽ᠵᠠᠷᠤᠳᠠᠯ ᠤᠨ ᠪᠠᠲᠤᠯᠠᠭ᠎ᠠ︾ ᠳᠤ ᠠᠯᠬᠤᠮ ᠠᠯᠬᠤᠮ ᠢᠶᠠᠷ ᠳᠡᠪᠰᠢᠭᠦᠯᠬᠦ ᠶᠢ ᠪᠡᠶᠡᠯᠡᠭᠦᠯᠵᠦ᠂ ᠡᠭᠦᠳᠡᠨ ᠡᠮᠨᠡᠯᠭᠡ ᠶᠢᠨ ᠬᠠᠷᠠᠭᠠᠯᠵᠠᠯ ᠢ ᠨᠠᠩ ᠡᠷᠬᠡ ᠲᠡᠭᠰᠢ ᠨᠡᠶᠢᠳᠡᠮ ᠠᠰᠢᠭ ᠬᠦᠷᠲᠡᠭᠡᠨ᠎ᠡ᠃ ᠡᠭᠦᠨ ᠤ ᠬᠠᠮᠲᠤ ᠪᠤᠰᠤᠳ ᠪᠠᠲᠤᠯᠠᠭ᠎ᠠ ᠶᠢᠨ ᠬᠠᠷᠠᠭᠠᠯᠵᠠᠯ ᠢ ᠨᠠᠷᠢᠨ ᠨᠠᠶᠢᠳᠠᠪᠤᠷᠢᠵᠢᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢ ᠡᠬᠢᠯᠡᠭᠦᠯᠦᠨ ᠬᠡᠷᠡᠭᠵᠢᠭᠦᠯᠬᠦ ᠶᠢ ᠰᠠᠶᠢᠲᠤᠷ ᠬᠢᠵᠦ᠂ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ ᠶᠢ ᠳᠡᠭᠡᠭᠰᠢᠯᠡᠭᠦᠯᠦᠨ᠎ᠡ᠃ ᠦᠷᠡᠵᠢᠯ ᠢ ᠳᠡᠮᠵᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠦᠷᠡᠵᠢᠯ ᠤᠨ ᠡᠮᠨᠡᠯᠭᠡ ᠶᠢᠨ ᠵᠠᠷᠤᠳᠠᠯ ᠢ ᠴᠠᠭ ᠲᠤᠬᠠᠶ ᠳᠤᠨᠢ ᠳ᠋ᠦᠩᠨᠡᠨ ᠪᠣᠳᠣᠬᠤ ᠪᠠ ᠦᠷᠡᠵᠢᠯ ᠤᠨ ᠨᠡᠮᠡᠯᠭᠡ ᠮᠦᠩᠬᠦ ᠶᠢ ︽ᠭᠤᠶᠤᠴᠢᠯᠠᠬᠤ ᠠᠴᠠ ᠬᠡᠯᠲᠦᠷᠢᠭᠦᠯᠵᠦ ᠳᠠᠷᠦ᠋ᠢᠬᠠᠨ ᠬᠦᠷᠲᠡᠬᠦ︾ ᠶᠢ ᠪᠡᠶᠡᠯᠡᠭᠦᠯᠦᠨ᠎ᠡ᠃    ᠭᠤᠷᠪᠠ ᠳᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠰᠢᠨ᠎ᠡ ᠦᠷ᠎ᠡ ᠪᠦᠲᠦᠮᠵᠢ ᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢᠨ ᠴᠢᠳᠠᠪᠤᠷᠢ ᠶᠢ ᠣᠯᠭᠤᠬᠤ ᠶᠢ ᠰᠠᠶᠢᠲᠤᠷ ᠬᠡᠷᠡᠭᠯᠡᠵᠦ᠂ ︽ᠭᠠᠷᠳᠠᠴᠠ ᠭᠦᠢᠴᠡᠳᠬᠡᠬᠦ ᠪᠠᠶᠢᠭᠤᠯᠤᠮᠵᠢ ᠶᠢᠨ ᠰᠠᠷ᠎ᠠ ᠶᠢᠨ ᠵᠠᠳᠠᠯᠤᠯᠲᠠ᠂ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠤᠨ ᠤᠯᠠᠷᠢᠯ ᠤᠨ ᠵᠠᠳᠠᠯᠤᠯᠲᠠ︾ ᠶᠢᠨ ᠲᠣᠭᠲᠠᠴᠠ ᠶᠣᠰᠣᠭᠠᠷ᠂ ᠰᠠᠭᠤᠷᠢ ᠮᠥᠩᠭᠦ ᠶᠢᠨ ᠠᠵᠢᠯᠯᠠᠭᠠᠨ ᠤ ᠬᠠᠨᠳᠤᠰᠢ ᠶᠢ ᠪᠥᠬᠦ ᠲᠠᠯ᠎ᠠ ᠪᠠᠷ ᠰᠢᠰᠲ᠋ᠧᠮ ᠲᠠᠢ ᠵᠠᠳᠠᠯᠵᠤ᠂ ᠰᠠᠭᠤᠷᠢ ᠮᠥᠩᠭᠦ ᠶᠢᠨ ᠠᠵᠢᠯᠯᠠᠭᠠᠨ ᠤ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠦᠨᠡᠯᠡᠨ ᠵᠢᠱᠢᠵᠦ᠂ ᠤᠷᠢᠳᠴᠢᠯᠠᠨ ᠰᠡᠷᠡᠮᠵᠢᠯᠡᠭᠦᠯᠵᠦ᠂ ᠰᠠᠭᠤᠷᠢ ᠮᠥᠩᠭᠦ ᠶᠢᠨ ᠠᠮᠤᠷ ᠲᠦᠪᠰᠢᠨ᠂ ᠦᠷᠭᠦᠯᠵᠢᠯᠡᠬᠦ ᠶᠢ  ᠦᠨᠡᠨᠬᠦ ᠪᠠᠲᠤᠯᠠᠨ᠎ᠠ︔ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠰᠠᠭᠤᠷᠢ ᠮᠥᠩᠭᠦ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠲᠠᠢ ᠤᠶᠠᠯᠳᠤᠭᠤᠯᠤᠨ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ︔ ᠡᠮᠴᠢᠯᠡᠭᠡᠨ ᠤ ᠳᠠᠭᠠᠳᠬᠠᠯ ᠤᠨ ᠲᠣᠮᠣ ᠳ᠋ᠠᠶᠢᠲ᠋ᠠ ᠶᠢ ᠬᠢᠨᠠᠨ ᠬᠡᠮᠵᠢᠬᠦ᠂ ᠣᠶᠤᠨᠴᠢ ᠪᠠᠶᠢᠳᠠᠯ ᠢ ᠬᠢᠨᠠᠨ ᠡᠵᠡᠮᠳᠡᠬᠦ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠰᠦᠪᠡᠭᠴᠢ ᠶᠢ ᠬᠢᠨᠠᠨ ᠪᠠᠶᠢᠴᠠᠭᠠᠬᠤ ᠶᠢ ᠴᠢᠬᠤᠯᠠᠴᠢᠯᠠᠵᠤ᠂ ᠣᠶᠤᠨᠴᠢ ᠬᠢᠨᠠᠨ ᠬᠠᠷᠭᠤᠭᠤᠯᠬᠤ ᠬᠡᠰᠡᠭ ᠢ ᠡᠬᠢᠯᠡᠨ ᠬᠡᠷᠡᠭᠯᠡᠬᠦ ᠪᠠ ᠰᠢᠯᠢᠳᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠠᠴᠠ ᠵᠥᠷᠢᠴᠡᠨ ᠤᠷᠢᠳᠴᠢᠯᠠᠨ ᠰᠡᠷᠡᠮᠵᠢᠯᠡᠭᠦᠯᠬᠦ᠂ ᠴᠠᠭ ᠲᠤᠬᠠᠶ ᠳᠤᠨᠢ ᠬᠢᠨᠠᠨ ᠬᠡᠮᠵᠢᠬᠦ᠂ ᠪᠦᠬᠦᠯᠢ ᠡᠳᠦᠷ ᠢᠶᠠᠷ ᠬᠢᠨᠠᠨ ᠬᠠᠮᠢᠶᠠᠷᠬᠤ ᠶᠢ ᠦᠨᠡᠨᠬᠦ ᠪᠠᠲᠤᠯᠠᠨ᠎ᠠ᠃       
 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号