ᠨᠠᠢᠮᠠᠨ ᠵᠠᠰᠠᠭ ᠥᠰᠥᠭ ﹇2025﹈ 5 ᠳ᠋ᠤᠭᠠᠷ ᠲᠣᠭᠠᠲᠤ | ᠡᠯ᠎ᠡ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ | ᠣᠷᠳᠣᠨ ᠤ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠄ | ᠡᠳᠦᠭᠡ ︽ᠨᠠᠢᠮᠠᠨ ᠬᠤᠰᠢᠭᠤᠨ ᠤ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠬᠤᠷᠴᠢᠨ ᠤ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭ᠎ᠠ︶ | ᠤᠨ 2025 ᠣᠨ ᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠥᠰᠦᠯ ᠤᠨ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ | ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠭᠠᠷᠠᠶ᠃ | 2025 ᠣᠨ ᠤ 1 ᠰᠠᠷ᠎ᠠ ᠶᠢᠨ 24 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠨᠠᠢᠮᠠᠨ ᠬᠤᠰᠢᠭᠤᠨ ᠤ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠬᠤᠷᠴᠢᠨ ᠤ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ︵︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭ᠎ᠠ︶ ᠤᠨ | 2025 ᠣᠨ ᠤ ᠬᠡᠷᠡᠭᠵᠢᠭᠦᠯᠬᠦ ᠲᠥᠰᠦᠯ | ᠶᠡᠷᠦᠩᠬᠡᠶ ᠱᠦᠵᠢ ᠰᠢ ᠶᠢᠨ ᠫᠢᠩ ᠤᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠨᠠᠷ ᠰᠠᠶᠢᠲᠠᠶ ᠠᠬᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠤᠯᠳᠠᠯᠭ᠎ᠠ ᠲᠠᠢ | ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠪᠣᠬᠢᠷᠲᠤᠯ ᠥᠬᠡᠶ ᠬᠥᠭᠵᠢᠯᠲᠡ ᠶᠢᠨ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠪᠥᠲᠥᠭᠡᠨ ᠪᠠᠶᠢᠭᠤᠯᠬᠤ ᠪᠠ ᠬᠠᠮᠠᠭᠠᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ | ᠭᠤᠤᠯᠳᠠᠯᠭ᠎ᠠ ᠲᠠᠢ ᠵᠠᠰᠠᠯᠲᠠ ᠶᠢ ᠳᠣᠪᠤᠶᠢᠯᠭᠠᠨ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠤᠯᠳᠤᠭᠠᠨ ᠤ | ᠢᠯᠠᠯᠲᠠ ᠶᠢ ᠣᠯᠵᠤ᠂ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠂ ᠰᠢᠰᠲ᠋ᠧᠮ ᠲᠠᠢ ᠵᠠᠰᠠᠬᠤ ᠶᠢ | ᠪᠠᠷᠢᠮᠳᠠᠯᠠᠨ᠎ᠠ᠃ ᠪᠠᠶᠢᠭᠠᠯᠢ ᠶᠢᠨ ᠠᠮᠢ ᠠᠬᠤᠶ ᠶᠢᠨ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠠᠭᠤᠯᠠ ᠤᠰᠤ | ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ | ᠬᠠᠮᠠᠭᠠᠯᠠᠨ ᠰᠡᠷᠭᠦᠭᠡᠬᠦ ᠶᠢ ᠪᠠᠷᠢᠮᠲᠠᠯᠠᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ᠂ ᠪᠥᠬᠦ | ᠭᠠᠵᠠᠷ ᠣᠷᠣᠨ᠂ ᠪᠥᠬᠦ ᠶᠠᠪᠤᠴᠠ ᠳᠤ ᠥᠷᠨᠢᠭᠦᠯᠵᠦ᠂ ᠪᠠᠶᠢᠭᠠᠯᠢ ᠶᠢᠨ ᠣᠨᠴᠠᠯᠢᠭ ᠶᠣᠰᠣᠭᠠᠷ ᠣᠲᠣ ᠶᠢᠨ ᠣᠶ ᠰᠢᠭᠤᠶ | ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠴᠢᠩᠭ᠎ᠠ ᠬᠠᠮᠠᠭᠠᠯᠠᠵᠤ᠂ ᠠᠮᠢ ᠠᠬᠤᠶ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ | ︵ᠬᠤᠶᠠᠷ︶ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠣᠪᠴᠢᠲᠠᠶ ᠵᠠᠰᠠᠬᠤ ᠶᠢ ᠪᠠᠷᠢᠮᠲᠠᠯᠠᠨ᠎ᠠ᠃ | ᠠᠮᠢ ᠠᠬᠤᠶ ᠶᠢᠨ ᠰᠠᠭᠤᠷᠢ ᠪᠠ ᠪᠠᠶᠢᠭᠠᠯᠢ ᠶᠢᠨ ᠲᠥᠷᠥᠯ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ᠂ ᠦᠨᠡᠨ ᠠᠴᠠ ᠵᠥᠪ ᠢ ᠡᠷᠢᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠰᠡᠷᠭᠦᠭᠡᠬᠦ ᠵᠠᠭᠪᠤᠷ᠂ ᠵᠠᠰᠠᠬᠤ ᠠᠷᠭ᠎ᠠ ᠬᠡᠮᠵᠢᠶ᠎ᠡ ᠪᠠ ᠡᠭᠦᠷᠭᠡ ᠶᠢᠨ ᠲᠣᠬᠢᠷᠠᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠂ ᠭᠤᠤᠯᠳᠠᠯᠭ᠎ᠠ ᠲᠠᠢ ᠣᠷᠣᠨ ᠪᠦᠰᠡ ᠶᠢᠨ ᠲᠣᠪᠤᠶᠢᠮ᠎ᠠ ᠠᠮᠢ ᠠᠬᠤᠶ ᠶᠢᠨ | ᠠᠰᠠᠭᠤᠳᠠᠯ ᠢ ᠰᠢᠢᠳᠪᠦᠷᠢᠯᠡᠵᠦ᠂ ᠬᠡᠷᠡᠭᠯᠡᠭᠡᠨ ᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ | ᠴᠢᠩᠭᠠᠷᠠᠭᠤᠯᠤᠨ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠨᠡᠶᠢᠭᠡᠮ ᠤᠨ ᠬᠢᠨ ᠣᠷᠣᠯᠴᠠᠬᠤ ᠶᠢ | ᠪᠠᠷᠢᠮᠲᠠᠯᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠵᠤ᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢ ᠳᠡᠯᠭᠡᠷᠡᠭᠦᠯᠵᠦ᠂ ᠨᠠᠩ | ᠣᠯᠠᠨ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠷᠢᠶᠡᠨ ᠳᠤ ᠣᠷᠣᠯᠴᠠᠭᠤᠯᠵᠤ᠂ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠨ᠂ ᠪᠥᠬᠦ ᠠᠷᠠᠳ ᠤᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠪᠥᠬᠦ | ᠨᠡᠶᠢᠭᠡᠮ ᠢᠶᠠᠷ ᠢᠶᠠᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠳᠤ | ᠬᠠᠮᠲᠤ ᠪᠠᠷ ᠣᠷᠣᠯᠴᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠭᠤᠷᠪᠠ᠂ ᠡᠭᠦᠷᠭᠡ ᠬᠠᠷᠠᠯᠲᠠ | ᠨᠠᠢᠮᠠᠨ ᠬᠤᠰᠢᠭᠤᠨ ᠤ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ | 2025 ᠣᠨ ᠤ ᠪᠦᠲᠦᠭᠡᠨ ᠪᠠᠶᠢᠭᠤᠯᠬᠤ ᠡᠭᠦᠷᠭᠡ 22.1775 ᠲᠦᠮᠡᠨ ᠮᠥ ᠳᠤ ᠬᠦᠷᠴᠦ᠂ ᠡᠭᠦᠨ ᠳᠤ ᠲᠤᠷᠤᠭ | ᠪᠣᠳᠠ ᠪᠠ ᠪᠤᠲᠠ ᠮᠤᠳᠤ ᠶᠢ ᠬᠤᠯᠢᠯᠳᠤᠭᠤᠯᠤᠭᠰᠠᠨ ᠣᠶ 10012 ᠮᠥ︔ ᠪᠤᠲᠠ ᠮᠤᠳᠤ ᠪᠠ ᠡᠪᠡᠰᠦ ᠶᠢ | ᠬᠤᠯᠢᠯᠳᠤᠭᠤᠯᠤᠭᠰᠠᠨ ᠣᠶ 10081 ᠮᠥ︔ ᠡᠯᠡᠰᠦ ᠶᠢ ᠪᠢᠲᠡᠭᠦᠮᠵᠢᠯᠡᠨ ᠪᠤᠶᠢᠵᠢᠭᠤᠯᠤᠭᠰᠠᠨ ᠮᠤᠳᠤ ᠪᠡ ᠡᠪᠡᠰᠦ | 100250 ᠮᠥ︔ ᠬᠥᠮᠦᠨ ᠤ ᠬᠦᠴᠦᠨ ᠤ ᠲᠤᠷᠤᠭ ᠮᠣᠳᠣᠨ ᠣᠶ 17024 ᠮᠥ︔ ᠬᠥᠮᠦᠨ ᠤ ᠬᠦᠴᠦᠨ ᠤ | ᠪᠤᠲᠠ ᠮᠣᠳᠣᠨ ᠣᠶ 55855 ᠮᠥ︔ ᠬᠥᠮᠦᠨ ᠤ ᠬᠦᠴᠦᠨ ᠤ ᠡᠪᠡᠰᠦ 20304 ᠮᠥ︔ ᠢᠨᠵᠧᠨᠧᠷᠢᠩ ᠢᠶᠠᠷ | ᠡᠯᠡᠰᠦ ᠲᠤᠭᠲᠠᠪᠤᠷᠢᠵᠢᠭᠤᠯᠤᠭᠰᠠᠨ 8249 ᠮᠥ ᠪᠠᠭᠲᠠᠨ᠎ᠠ᠃ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠠᠴᠠ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠴᠢᠨᠲᠠᠯ᠎ᠠ ᠪᠠᠯᠭᠠᠰᠤ᠂ | ᠪᠠᠶᠢᠰᠢᠩᠲᠤ ᠪᠠᠯᠭᠠᠰᠤ᠂ ᠳ᠋ᠦᠩ ᠮᠢᠩ ᠪᠠᠯᠭᠠᠰᠤ᠂ ᠰᠢᠨ ᠵᠧᠨ ᠪᠠᠯᠭᠠᠰᠤ᠂ ᠤᠯᠢᠶᠠᠰᠤ ᠰᠢᠶᠠᠩ᠂ ᠪᠠᠶᠠᠨᠲᠠᠯ᠎ᠠ ᠰᠤᠮᠤ᠂ | ᠭᠤᠷᠪᠠᠨᠬᠤᠸᠠ ᠰᠤᠮᠤ᠂ ᠬᠤᠩᠬᠤᠷᠲᠠᠯ᠎ᠠ ᠰᠤᠮᠤ᠂ ᠳ᠋ᠠ ᠯᠢᠦ ᠶᠢᠨ ᠣᠶ ᠰᠢᠭᠤᠶ ᠶᠢᠨ ᠲᠠᠯᠠᠪᠠᠶ ᠪᠠ ᠨᠠᠷᠢᠨ ᠤ ᠣᠶ | ᠰᠢᠭᠤᠶ ᠶᠢᠨ ᠲᠠᠯᠠᠪᠠᠶ ᠶᠢ ᠬᠠᠷᠢᠭᠤᠴᠠᠨ ᠬᠡᠷᠡᠭᠵᠢᠭᠦᠯᠦᠨ᠎ᠡ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠭᠠᠵᠠᠷ ᠤᠨ ᠠᠩᠬᠠᠨ ᠤ ᠴᠥᠮ᠎ᠡ ᠶᠢᠨ ᠪᠠ ᠳᠠᠭᠠᠭᠠᠴᠢᠯᠠᠯᠲᠠ ᠵᠠᠷᠯᠠᠬᠤ ᠡᠮᠦᠨᠡᠬᠢ ᠬᠤᠭᠤᠴᠠᠭᠠᠨ ᠤ | ᠪᠡᠯᠡᠳᠬᠡᠯ ᠠᠵᠢᠯ ︵2024 ᠣᠨ ᠤ 9 ᠰᠠᠷ᠎ᠠ ᠶᠢᠨ 1 ᠤ ᠡᠳᠦᠷ ᠠᠴᠠ 2025 ᠣᠨ ᠤ 1 ᠰᠠᠷ᠎ᠠ ᠶᠢᠨ 31 ᠤ | ᠡᠳᠦᠷ︶ | ᠲᠥᠷᠥᠯ ᠵᠦᠢᠯ ᠤᠨ ᠰᠤᠳᠤᠯᠤᠯ ᠤᠨ ᠴᠣᠬᠤᠯᠠᠪᠤᠷᠢᠯᠠᠵᠤ ᠪᠠᠭᠤᠯᠭᠠᠵᠤ ᠪᠣᠯᠬᠤ ᠸᠧᠺᠲ᠋ᠤᠷᠠᠨᠲ ᠤᠨ ᠲᠤᠭ᠎ᠠ | ᠪᠠᠷᠢᠮᠲᠠ ᠶᠢ ᠦᠨᠳᠦᠰᠦᠯᠡᠨ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠦᠷᠦᠭᠦᠯᠡᠵᠦ | ᠂ ᠡᠯ᠎ᠡ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠪᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ | ᠪᠣᠳᠠᠲᠠᠶ 6 ᠬᠡᠰᠡᠭ ᠭᠠᠵᠠᠷ ᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠨ᠎ᠠ᠃ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ︽ᠨᠠᠢᠮᠠᠨ ᠬᠤᠰᠢᠭᠤᠨ ᠤ ᠯᠤᠤᠬ᠎ᠠ ᠶᠢᠨ ᠭᠤᠤᠯ ᠤᠨ ᠰᠠᠪᠠ ᠭᠠᠵᠠᠷ ᠤᠨ ᠬᠤᠷᠴᠢᠨ ᠤ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵︿ᠭᠤᠷᠪᠠᠨ ᠤᠮᠠᠷᠠᠲᠤ﹀ ᠶᠢᠨ ᠵᠢᠷᠭᠤᠳᠤᠭᠠᠷ ᠬᠤᠭᠤᠴᠠᠭ᠎ᠠ︶ | 2025 ᠣᠨ ᠤ ᠲᠥᠯᠥᠪᠯᠡᠭᠡ ᠶᠢᠨ ᠡᠭᠦᠷᠭᠡ ᠶᠢᠨ ᠬᠦᠰᠦᠨᠦᠭᠲᠦ︾ ︽2025 ᠣᠨ ᠤ ︿ᠭᠤᠷᠪᠠᠨ ᠤᠮᠠᠷᠠᠲᠤ﹀ | ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠷᠤᠮᠵᠢᠯ︾ | ︵ᠳᠠᠭᠠᠯᠳᠤᠭᠤᠯᠤᠯ ᠬᠦᠰᠦᠨᠦᠭᠲᠦ︶ ᠢ ᠲᠣᠭᠲᠠᠭᠠᠪᠠ᠃ | ︵ᠬᠤᠶᠠᠷ︶ ᠵᠣᠬᠢᠶᠠᠨ ᠪᠠᠶᠢᠭᠤᠯᠵᠤ ᠳᠠᠭᠠᠭᠠᠴᠢᠯᠠᠯᠲᠠ ᠵᠠᠷᠯᠠᠬᠤ ︵2025 ᠣᠨ ᠤ 2 ᠰᠠᠷ᠎ᠠ ᠶᠢᠨ 1 ᠤ | ᠡᠳᠦᠷ ᠠᠴᠠ 2 ᠰᠠᠷ᠎ᠠ ᠶᠢᠨ 28 ᠤ ᠡᠳᠦᠷ︶ | ᠲᠥᠷᠥᠯ ᠵᠦᠢᠯ ᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠶᠢ ᠶᠡᠷᠦᠩᠬᠡᠶᠢᠯᠡᠨ ᠳᠠᠭᠠᠭᠠᠴᠢᠯᠠᠬᠤ ︵EPC︶ | ᠶᠢᠨ ᠵᠠᠭᠪᠤᠷ ᠢ ᠬᠡᠷᠡᠭᠯᠡᠨ᠂ ᠨᠡᠶᠢᠲᠡ 20 ᠪᠠᠷᠢᠯᠭ᠎ᠠ ᠶᠢᠨ ᠪᠠᠷᠢᠮᠵᠢᠶᠠᠲᠤ ᠬᠡᠰᠡᠭ ᠵᠢᠴᠢ 1 ᠬᠢᠨᠠᠨ ᠬᠠᠮᠢᠶᠠᠷᠬᠤ | ᠬᠡᠰᠡᠭ ᠢ ᠪᠠᠶᠢᠭᠤᠯᠤᠨ᠎ᠠ᠃ ᠡᠭᠦᠨ ᠳᠤ ᠲᠠᠴᠢᠨᠲᠠᠯ᠎ᠠ ᠪᠠᠯᠭᠠᠰᠤᠨ 4 ᠪᠠᠷᠢᠮᠵᠢᠶᠠᠲᠤ ᠬᠡᠰᠡᠭ︔ ᠪᠠᠶᠢᠰᠢᠩᠲᠤ | ᠪᠠᠯᠭᠠᠰᠤᠨ 4 ᠪᠠᠷᠢᠮᠵᠢᠶᠠᠲᠤ ᠬᠡᠰᠡᠭ︔ ᠤᠯᠢᠶᠠᠰᠤ ᠰᠢᠶᠠᠩ 3 ᠪᠠᠷᠢᠮᠵᠢᠶᠠᠲᠤ ᠬᠡᠰᠡᠭ︔ ᠪᠠᠶᠠᠨᠲᠠᠯ᠎ᠠ ᠰᠤᠮᠤ 2 | ᠪᠠᠷᠢᠮᠵᠢᠶᠠᠲᠤ ᠬᠡᠰᠡᠭ︔ ᠳ᠋ᠦᠩ ᠮᠢᠩ ᠪᠠᠯᠭᠠᠰᠤ 1 ᠪᠠᠷᠢᠮᠵᠢᠶᠠᠲᠤ ᠬᠡᠰᠡᠭ︔ ᠰᠢᠨ ᠵᠧᠨ ᠪᠠᠯᠭᠠᠰᠤ 1 ᠪᠠᠷᠢᠮᠵᠢᠶᠠᠲᠤ | ᠬᠡᠰᠡᠭ︔ ᠭᠤᠷᠪᠠᠨᠬᠤᠸᠠ ᠰᠤᠮᠤ 1 ᠪᠠᠷᠢᠮᠵᠢᠶ᠎ᠠ ᠶᠢᠨ ᠬᠡᠰᠡᠭ︔ ᠬᠤᠩᠬᠤᠷᠲᠠᠯ᠎ᠠ ᠰᠤᠮᠤ 2 ᠪᠠᠷᠢᠮᠵᠢᠶᠠᠲᠤ ᠬᠡᠰᠡᠭ︔ | ᠳ᠋ᠠ ᠯᠢᠦ ᠶᠢᠨ ᠤᠢ ᠰᠢᠭᠤᠢ ᠶᠢᠨ ᠲᠠᠯᠠᠪᠠᠢ 1 ᠪᠠᠷᠢᠮᠵᠢᠶᠠᠲᠤ ᠬᠡᠰᠡᠭ︔ ᠨᠠᠷᠢᠨ ᠤ ᠣᠶ ᠰᠢᠭᠤᠶ ᠶᠢᠨ ᠲᠠᠯᠠᠪᠠᠶ ᠶᠢᠨ | 1 ᠪᠠᠷᠢᠮᠵᠢᠶᠠᠲᠤ ᠬᠡᠰᠡᠭ ᠵᠢᠴᠢ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ 1 | ᠪᠠᠷᠢᠮᠵᠢᠶᠠᠲᠤ ᠬᠡᠰᠡᠭ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠪᠠ ᠤᠯᠤᠰ ᠤᠨ | ᠥᠮᠴᠢᠯᠡᠯᠲᠦ ᠣᠶ ᠰᠢᠭᠤᠶ ᠶᠢᠨ ᠲᠠᠯᠠᠪᠠᠶ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠲᠣᠰ | ᠲᠣᠰ ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠳᠠᠭᠠᠭᠠᠴᠢᠯᠠᠯᠲᠠ ᠶᠢᠨ ᠬᠡᠰᠡᠭ ᠤᠨ ᠳᠠᠭᠠᠭᠠᠴᠢᠯᠠᠯᠲᠠ ᠵᠠᠷᠯᠠᠬᠤ ᠲᠠᠰ | ᠳᠠᠷᠠᠭᠠᠯᠠᠯ ᠢ ᠭᠦᠢᠴᠡᠳᠭᠡᠬᠦ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ | ᠬᠡᠮ ᠤᠨ ᠨᠥᠬᠦᠴᠡᠯ ᠢ ᠪᠠᠶᠢᠭᠤᠯᠵᠤ᠂ ᠮᠡᠷᠭᠡᠵᠢᠯ ᠤᠨ ᠳᠠᠯᠳᠠ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠵᠦ᠂ ᠳᠠᠭᠠᠭᠠᠴᠢᠯᠠᠯᠲᠠ ᠣᠯᠤᠭᠰᠠᠨ ᠲᠠᠯ᠎ᠠ ᠪᠠ ᠳᠠᠭᠠᠭᠠᠴᠢᠯᠠᠯᠲᠠ ᠬᠦᠯᠢᠶᠡᠬᠦ ᠶᠢ ᠬᠠᠮᠲᠤ ᠳᠤᠨᠢ | ᠪᠡᠶᠡᠯᠡᠭᠦᠯᠬᠦ ᠠᠷᠭ᠎ᠠ ᠶᠢ ᠬᠡᠷᠡᠭᠵᠢᠭᠦᠯᠦᠨ᠎ᠡ᠃ | ︵ᠭᠤᠷᠪᠠ︶ ᠲᠥᠷᠥᠯ ᠵᠦᠢᠯ ᠤᠨ ᠪᠠᠷᠢᠯᠭ᠎ᠠ ᠵᠢᠴᠢ ᠠᠰᠠᠷᠠᠨ ᠪᠤᠶᠢᠵᠢᠭᠤᠯᠬᠤ ᠬᠠᠮᠢᠶᠠᠷᠤᠯᠲᠠ ︵ᠪᠠᠷᠢᠯᠭ᠎ᠠ | ᠪᠠᠷᠢᠬᠤ ᠱᠠᠲᠤ ᠦᠶ᠎ᠡ 2025 ᠣᠨ ᠤ 3 ᠰᠠᠷ᠎ᠠ ᠶᠢᠨ 1 ᠤ ᠡᠳᠦᠷ ᠠᠴᠠ 2025 ᠣᠨ ᠤ 8 ᠰᠠᠷ᠎ᠠ ᠶᠢᠨ 31 ᠤ | ᠡᠳᠦᠷ ᠪᠣᠯᠲᠠᠯ᠎ᠠ᠂ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ ᠶᠢᠨ ᠱᠠᠲᠤ ᠦᠶ᠎ᠡ 2025 ᠣᠨ ᠤ 3 ᠰᠠᠷ᠎ᠠ ᠶᠢᠨ | 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ︶ | ᠳᠠᠭᠠᠭᠠᠴᠢᠯᠠᠯᠲᠠ ᠵᠠᠷᠯᠠᠭᠴᠢ ᠪᠣᠯᠤᠨ ᠳᠠᠭᠠᠭᠠᠴᠢᠯᠠᠯᠲᠠ ᠣᠯᠤᠭᠰᠠᠨ ᠨᠢᠭᠡᠴᠢ ᠭᠡᠷ᠎ᠡ ᠲᠣᠭᠲᠠᠭᠰᠠᠨ ᠤ ᠳᠠᠷᠠᠭ᠎ᠠ᠂ | ᠳᠠᠭᠠᠭᠠᠴᠢᠯᠠᠯᠲᠠ ᠣᠯᠤᠭᠰᠠᠨ ᠨᠢᠭᠡᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ | ᠬᠤᠲᠠ ᠶᠢᠨ ᠯᠤᠤᠬ᠎ᠠ ᠶᠢᠨ ᠭᠤᠤᠯ ᠤᠨ ᠰᠠᠪᠠ ᠭᠠᠵᠠᠷ ᠤᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ | ᠵᠠᠰᠠᠬᠤ ᠲᠥᠷᠥᠯ ᠵᠦᠢᠯ︾ ᠤᠨ ᠰᠤᠳᠤᠯᠭᠠᠨ ᠤ ᠮᠡᠳᠡᠭᠦᠯᠦᠯᠲᠡ ᠵᠢᠴᠢ ︽2025 ᠣᠨ ᠤ ︿ᠭᠤᠷᠪᠠᠨ ᠤᠮᠠᠷᠠᠲᠤ﹀ | ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠷᠤᠮᠵᠢᠯ︾ | ᠵᠡᠷᠭᠡ ᠶᠢ ᠦᠨᠳᠦᠰᠦᠯᠡᠨ ᠲᠥᠷᠥᠯ ᠵᠦᠢᠯ ᠤᠨ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠳᠠᠷᠤᠶ ᠲᠦᠷᠭᠡᠨ ᠥᠷᠨᠢᠭᠦᠯᠬᠦ ᠶᠢᠨ ᠬᠠᠮᠲᠤ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ ᠳᠤ ᠲᠤᠰᠢᠶᠠᠵᠤ ᠬᠢᠨᠠᠨ ᠬᠠᠷᠭᠤᠭᠤᠯᠤᠨ᠎ᠠ᠃ ᠳᠠᠭᠠᠭᠠᠴᠢᠯᠠᠯᠲᠠ ᠣᠯᠤᠭᠰᠠᠨ ᠨᠢᠭᠡᠴᠢ ᠨᠢ ᠳᠠᠭᠠᠭᠠᠴᠢᠯᠠᠯᠲᠠ | ᠣᠯᠤᠭᠰᠠᠨ ᠬᠡᠰᠡᠭ ᠤᠨ ᠪᠠᠷᠢᠯᠭ᠎ᠠ ᠶᠢᠨ ᠠᠵᠢᠯ ᠤᠨ ᠠᠭᠤᠯᠭ᠎ᠠ ᠶᠢ ᠦᠨᠳᠦᠰᠦᠯᠡᠨ ᠠᠵᠢᠯᠲᠠᠨ ᠢ ᠵᠣᠬᠢᠴᠠᠭᠤᠯᠬᠤ᠂ | ᠮᠠᠰᠢᠨ ᠮᠧᠬᠠᠨᠢᠭ ᠲᠣᠬᠢᠷᠠᠭᠤᠯᠬᠤ ᠪᠠ ᠦᠷ᠎ᠡ ᠴᠢᠬᠢ᠂ ᠡᠳ᠋ ᠪᠣᠳᠠᠰ ᠨᠥᠭᠡᠴᠡᠯᠡᠬᠦ ᠵᠡᠷᠭᠡ ᠡᠮᠦᠨᠡᠬᠢ ᠬᠤᠭᠤᠴᠠᠭᠠᠨ ᠤ | ᠠᠵᠢᠯ ᠢ ᠰᠠᠶᠢᠲᠤᠷ ᠬᠢᠵᠦ᠂ ᠠᠵᠢᠯ ᠤᠨ ᠵᠢᠷᠤᠭ ᠲᠥᠯᠥᠪᠯᠡᠭᠡ ᠶᠢᠨ ᠬᠢᠨᠠᠨ ᠰᠢᠯᠭᠠᠯᠲᠠ ᠶᠢ ᠥᠩᠭᠡᠷᠡᠭᠦᠯᠦᠭᠰᠡᠨ ᠤ | ᠳᠠᠷᠠᠭ᠎ᠠ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠲᠠᠯᠠᠪᠠᠶ ᠳᠤ ᠣᠷᠣᠵᠤ ᠠᠵᠢᠯ ᠡᠬᠢᠯᠡᠭᠦᠯᠦᠨ᠎ᠡ᠃ ᠣᠶᠢᠵᠢᠭᠤᠯᠬᠤ | ᠪᠠ ᠡᠯᠡᠰᠦ ᠶᠢ ᠬᠤᠷᠢᠭᠯᠠᠬᠤ ᠢᠨᠵᠧᠨᠧᠷᠢᠩ ᠢ 2025 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ | ᠳᠠᠭᠤᠰᠬᠠᠵᠤ᠂ ᠡᠪᠡᠰᠦ ᠳᠠᠷᠢᠬᠤ ᠢᠨᠵᠧᠨᠧᠷᠢᠩ ᠢ 2025 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ | ᠳᠠᠭᠤᠰᠬᠠᠵᠤ᠂ ᠬᠦᠷᠢᠶ᠎ᠡ ᠬᠠᠰᠢᠶᠠᠨ ᠤ ᠲᠥᠬᠦᠭᠡᠷᠦᠮᠵᠢ ᠶᠢᠨ ᠢᠨᠵᠧᠨᠧᠷᠢᠩ ᠢ 2025 ᠣᠨ ᠤ 8 ᠰᠠᠷ᠎ᠠ ᠶᠢᠨ | ᠰᠡᠭᠦᠯᠴᠢ ᠠᠴᠠ ᠡᠮᠦᠨ᠎ᠡ ᠳᠠᠭᠤᠰᠬᠠᠨ᠎ᠠ᠃ | ︵ᠲᠦᠷᠪᠡ︶ ᠳ᠋ᠦᠩᠨᠡᠯᠲᠡ ᠬᠢᠵᠦ ᠰᠢᠯᠭᠠᠨ ᠠᠪᠬᠤ ︵2025 ᠣᠨ ᠤ 9 ᠰᠠᠷ᠎ᠠ ᠶᠢᠨ 1 ᠤ ᠡᠳᠦᠷ ᠠᠴᠠ | 12 ᠰᠠᠷ᠎ᠠ ᠶᠢᠨ 31 ᠤ ᠡᠳᠦᠷ︶ | ᠡᠯ᠎ᠡ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠪᠠ ᠤᠯᠤᠰ ᠤᠨ ᠥᠮᠴᠢᠯᠡᠯᠲᠦ ᠣᠶ ᠰᠢᠭᠤᠶ ᠶᠢᠨ | ᠲᠠᠯᠠᠪᠠᠶ ᠠᠴᠠ ᠥᠪᠡᠷ ᠢ ᠪᠠᠨ ᠰᠢᠯᠭᠠᠨ ᠪᠠᠶᠢᠴᠠᠭᠠᠵᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠠᠴᠠ ᠳᠠᠬᠢᠨ ᠰᠢᠯᠭᠠᠨ ᠪᠠᠶᠢᠴᠠᠭᠠᠬᠤ ᠶᠢᠨ ᠬᠠᠮᠲᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠳᠤ ᠳᠡᠪᠰᠢᠭᠦᠯᠦᠨ ᠬᠢᠨᠠᠨ ᠬᠠᠷᠭᠤᠭᠤᠯᠵᠤ ᠰᠢᠯᠭᠠᠨ ᠠᠪᠬᠤ ᠬᠡᠷᠡᠭᠲᠡᠶ᠃ ᠲᠤᠬᠠᠶ ᠶᠢᠨ ᠵᠢᠯ ᠳᠤ | ᠬᠡᠷᠡᠭᠵᠢᠭᠦᠯᠬᠦ᠂ ᠭᠤᠷᠪᠠᠨ ᠵᠢᠯ ᠬᠠᠮᠢᠶᠠᠷᠤᠨ ᠬᠠᠮᠠᠭᠠᠯᠠᠬᠤ᠂ ᠭᠤᠷᠪᠠᠨ ᠵᠢᠯ ᠰᠢᠯᠭᠠᠨ ᠠᠪᠬᠤ ᠠᠷᠭ᠎ᠠ ᠮᠠᠶ᠋ᠢᠭ ᠢᠶᠠᠷ ᠵᠢᠯ | ᠳᠠᠷᠠᠭᠠᠯᠠᠨ ᠰᠢᠯᠭᠠᠨ ᠠᠪᠬᠤ ᠠᠵᠢᠯ ᠢ ᠥᠷᠨᠢᠭᠦᠯᠵᠦ᠂ ᠲᠤᠬᠠᠶ ᠶᠢᠨ ᠵᠢᠯ ᠤᠨ ᠡᠳᠡᠭᠡᠷᠡᠯᠲᠡ ᠶᠢᠨ ᠨᠣᠷᠮ᠎ᠠ᠂ ᠭᠤᠷᠪᠠᠨ | ᠵᠢᠯ ᠤᠨ ᠬᠠᠳᠠᠭᠠᠯᠠᠯᠲᠠ ᠶᠢᠨ ᠨᠣᠷᠮ᠎ᠠ ᠶᠢ ᠴᠥᠮ ᠰᠢᠯᠭᠠᠨ ᠠᠪᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠬᠤᠯᠪᠣᠭᠳᠠᠯ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ | ᠴᠤᠭᠯᠠᠭᠤᠯᠵᠤ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠪᠠᠷᠢᠮᠵᠢᠶᠠᠲᠤ ᠬᠡᠰᠡᠭ ᠤᠨ ᠶᠣᠰᠣᠭᠠᠷ ᠰᠠᠶᠢᠲᠤᠷ | ᠬᠢᠬᠦ ᠬᠡᠷᠡᠭᠲᠡᠶ᠃ | ︵ᠲᠠᠪᠤ︶ ᠪᠡᠯᠡ ᠮᠥᠩᠭᠦ ᠪᠠᠭᠤᠯᠭᠠᠨ ᠥᠭᠬᠦ | ᠲᠥᠷᠥᠯ ᠵᠦᠢᠯ ᠤᠨ ᠪᠠᠯᠠ ᠮᠥᠩᠭᠦ ᠳᠤ ᠲᠤᠰᠬᠠᠶ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ | ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ | ᠪᠣᠯᠤᠨ ᠬᠠᠮᠢᠶ᠎ᠠ ᠪᠥᠬᠦᠶ ᠰᠤᠮᠤ ᠰᠢᠶᠠᠩ ᠪᠠᠯᠭᠠᠰᠤ ᠪᠣᠯᠤᠨ ᠤᠯᠤᠰ ᠤᠨ ᠥᠮᠴᠢᠯᠡᠯᠲᠦ ᠣᠶ ᠰᠢᠭᠤᠶ ᠶᠢᠨ | ᠲᠠᠯᠠᠪᠠᠶ ᠠᠴᠠ ᠬᠠᠮᠲᠤ ᠪᠠᠷ ᠰᠢᠯᠭᠠᠨ ᠠᠪᠴᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠪᠠᠷᠢᠮᠵᠢᠶ᠎ᠠ ᠳᠤ ᠬᠦᠷᠦᠭᠰᠡᠨ | ᠪᠣᠯ ᠴᠠᠭ ᠲᠤᠬᠠᠶ ᠳᠤᠨᠢ ᠪᠠᠯᠠ ᠮᠥᠩᠭᠦ ᠪᠠᠭᠤᠯᠭᠠᠨ ᠥᠭᠭᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠡᠯ᠎ᠡ ᠰᠤᠮᠤ ᠰᠢᠶᠠᠩ ᠪᠠᠯᠬᠠᠰᠤ ᠪᠠ ᠤᠯᠤᠰ ᠤᠨ ᠥᠮᠴᠢᠯᠡᠯ ᠤᠨ ᠣᠢ ᠰᠢᠭᠤᠢ ᠶᠢᠨ ᠲᠠᠯᠠᠪᠠᠢ᠃ | ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ᠂ ᠬᠠᠷᠢᠶ᠎ᠠ ᠣᠷᠣᠨ ᠤ ᠣᠯᠠᠨ ᠲᠦᠮᠡᠨ ᠤ ᠤᠬᠠᠭᠤᠯᠤᠨ ᠳᠠᠶᠢᠴᠢᠯᠠᠬᠤ | ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠲᠥᠷᠥᠯ | ᠵᠦᠢᠯ ᠤᠨ ᠭᠠᠵᠠᠷ ᠤᠨ ᠬᠡᠰᠡᠭ ᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠵᠥᠪᠰᠢᠶᠡᠷᠡᠯ ᠪᠠ ᠣᠷᠤᠯᠴᠠᠯᠭ᠎ᠠ ᠶᠢ | ᠭᠦᠢᠴᠡᠳ ᠣᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠶᠠᠰᠤ ᠴᠢᠨᠠᠷ ᠪᠠ ᠲᠤᠭ᠎ᠠ ᠶᠣᠰᠣᠭᠠᠷ ᠳᠥᠯᠭᠢᠨ ᠠᠬᠢᠭᠤᠯᠵᠤ᠂ ᠬᠥᠳᠡᠭᠡ | ᠲᠣᠰᠬᠤᠨ ᠤ ᠬᠤᠶᠠᠷ ᠱᠠᠲᠤᠨ ᠤ ᠺᠠᠳ᠋ᠷᠴᠤᠳ ᠤᠨ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠳᠤ ᠢᠳᠡᠪᠬᠢᠲᠡᠶ | ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠵᠤ᠂ ᠪᠠᠷᠢᠯᠭ᠎ᠠ ᠪᠠᠷᠢᠬᠤ ᠳᠤᠮᠳᠠ ᠢᠯᠡᠷᠡᠭᠰᠡᠨ | ᠠᠰᠠᠭᠤᠳᠠᠯ ᠢ ᠬᠠᠪᠰᠤᠷᠤᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠡᠳᠡᠭᠡᠷᠡᠯᠲᠡ ᠶᠢᠨ ᠨᠣᠷᠮ᠎ᠠ᠂ ᠬᠠᠳᠠᠭᠠᠯᠠᠯᠲᠠ ᠶᠢᠨ | ᠨᠣᠷᠮ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠠᠷᠢᠶ᠎ᠠ ᠣᠷᠣᠨ ᠳᠤ ᠠᠲᠠᠷ ᠬᠠᠭᠠᠯᠪᠤᠷᠢᠯᠠᠬᠤ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ | ᠴᠢᠩᠭᠠᠳᠬᠠᠵᠤ᠂ ︽ᠪᠦᠲᠦᠭᠡᠨ ᠪᠠᠶᠢᠭᠤᠯᠬᠤ ᠶᠢᠨ ᠳᠠᠭᠠᠤ ᠡᠪᠳᠡᠬᠦ︾ ᠦᠵᠡᠭᠳᠡᠯ ᠭᠠᠷᠬᠤ ᠶᠢ ᠡᠷᠡᠰ ᠬᠤᠷᠢᠭᠯᠠᠬᠤ | ᠬᠡᠷᠡᠭᠲᠡᠶ᠃ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠰᠢᠯᠭᠠᠨ ᠠᠪᠬᠤ ᠠᠵᠢᠯ ᠤᠨ ᠳᠤᠭᠤᠶᠢᠯᠠᠩ | ᠪᠠᠶᠢᠭᠤᠯᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠥᠪᠡᠷ ᠢ ᠪᠠᠨ ᠰᠢᠯᠭᠠᠨ | ᠪᠠᠶᠢᠴᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠡᠳᠦᠶ ᠪᠣᠯ ᠴᠠᠭ | ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠨᠥᠬᠦᠵᠦ ᠳᠠᠷᠢᠵᠤ ᠨᠥᠬᠦᠵᠦ ᠦᠢᠯᠡᠳᠬᠦ ᠶᠢ ᠪᠡᠶᠡᠯᠡᠭᠦᠯᠬᠦ ᠬᠡᠷᠡᠭᠲᠡᠢ᠃ | ᠳᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠶ | ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ ᠲᠥᠷᠥᠯ ᠵᠦᠢᠯ ᠤᠨ ᠡᠯ᠎ᠡ ᠱᠠᠲᠤ ᠦᠶ᠎ᠡ ᠶᠢᠨ ᠪᠢᠴᠢᠭ ᠮᠠᠲ᠋ᠧᠷᠢᠶᠠᠯ ᠢ | ᠴᠠᠭ ᠲᠤᠬᠠᠶ ᠳᠤᠨᠢ ᠳᠠᠩᠰᠠ ᠡᠪᠬᠡᠮᠡᠯ ᠳᠤ ᠣᠷᠣᠭᠤᠯᠵᠤ᠂ ᠳᠠᠩᠰᠠ ᠡᠪᠬᠡᠮᠡᠯ ᠤᠨ ᠬᠦᠴᠦᠨ ᠵᠦᠢᠯ ᠨᠢ ᠪᠦᠷᠢᠨ | ᠭᠦᠢᠴᠡᠳ᠂ ᠵᠢᠷᠤᠮᠵᠢᠯ ᠲᠠᠢ ᠨᠢᠭᠡᠳᠦᠯᠲᠡᠶ᠂ ᠲᠣᠬᠢᠲᠠᠶ ᠬᠠᠳᠠᠭᠠᠯᠠᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ | ︵ᠬᠤᠶᠠᠷ︶ ᠬᠤᠰᠢᠭᠤᠨ ᠤ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠃ ᠵᠢᠷᠤᠭ ᠲᠥᠯᠥᠪᠯᠡᠭᠡ ᠶᠢ | ᠬᠢᠨᠠᠨ ᠵᠥᠪᠰᠢᠶᠡᠷᠡᠬᠦ᠂ ᠲᠥᠷᠥᠯ ᠵᠦᠢᠯ ᠢ ᠬᠡᠷᠡᠭᠵᠢᠭᠦᠯᠬᠦ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ | ᠲᠥᠯᠥᠪᠯᠡᠭᠡ ᠶᠢ ᠬᠡᠷᠡᠭᠵᠢᠭᠦᠯᠬᠦ᠂ ᠪᠡᠯᠡ ᠮᠥᠩᠭᠦ ᠪᠠᠭᠤᠯᠭᠠᠨ ᠥᠭᠬᠦ ᠬᠢᠭᠡᠳ ᠬᠡᠷᠡᠭᠯᠡᠬᠦ ᠵᠡᠷᠭᠡ ᠭᠤᠤᠯᠳᠠᠯᠭ᠎ᠠ ᠲᠠᠢ | ᠭᠤᠭᠴᠤᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠥᠷᠥᠯ ᠵᠦᠢᠯ ᠢ ᠦᠨᠳᠦᠰᠦᠯᠡᠨ | ᠰᠤᠳᠤᠯᠵᠤ᠂ ᠵᠠᠰᠠᠬᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠡᠰᠡᠭ ᠪᠠᠶᠢᠭᠤᠯᠵᠤ᠂ ᠰᠢᠶᠠᠩ ᠪᠠᠯᠭᠠᠰᠤ ᠶᠢ ᠵᠢᠯᠣᠭᠤᠳᠴᠤ ᠪᠠᠶᠢᠭᠠᠳ | ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ᠃ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠳᠤ ᠲᠤᠰᠠᠭᠠᠷ | ᠳᠠᠭᠠᠭᠠᠴᠢᠯᠠᠯᠲᠠ ᠵᠠᠷᠯᠠᠬᠤ ᠶᠢ ᠬᠠᠷᠢᠭᠤᠴᠠᠨ᠂ ᠳᠠᠭᠠᠭᠠᠴᠢᠯᠠᠯᠲᠠ ᠣᠯᠤᠭᠰᠠᠨ ᠬᠢᠨᠠᠨ ᠬᠠᠮᠢᠶᠠᠷᠬᠤ ᠨᠢᠭᠡᠴᠢ ᠶᠢ | ᠰᠢᠮᠳᠠᠭᠤᠯᠵᠤ ᠪᠠᠶᠢᠭᠠᠳ ᠲᠥᠷᠥᠯ ᠵᠦᠢᠯ ᠢ ᠬᠡᠷᠡᠭᠵᠢᠭᠦᠯᠦᠭᠰᠡᠨ ᠡᠯ᠎ᠡ ᠭᠤᠭᠴᠤᠭ᠎ᠠ ᠳᠤ ᠶᠠᠰᠤ ᠴᠢᠨᠠᠷ ᠤᠨ ᠬᠢᠨᠠᠯᠲᠠ | ᠲᠠᠯᠪᠢᠭᠤᠯᠤᠨ᠎ᠠ᠃ ᠲᠥᠷᠥᠯ ᠵᠦᠢᠯ ᠤᠨ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠡᠯ᠎ᠡ ᠲᠥᠷᠥᠯ | ᠵᠦᠢᠯ ᠤᠨ ᠪᠠᠷᠢᠮᠵᠢᠶᠠᠲᠤ ᠬᠡᠰᠡᠭ ᠢ ᠳᠤᠭᠤᠶᠢᠯᠠᠩ ᠬᠤᠪᠢᠶᠠᠨ ᠬᠤᠯᠪᠣᠭᠠᠯᠠᠨ᠂ ᠦᠷ᠎ᠡ ᠴᠢᠬᠢ ᠶᠢᠨ ᠪᠠᠷᠢᠮᠵᠢᠶ᠎ᠠ᠂ | ᠣᠶᠢᠵᠢᠭᠤᠯᠵᠤ ᠡᠪᠡᠰᠦ ᠳᠠᠷᠢᠬᠤ ᠵᠢᠴᠢ ᠠᠷᠠᠴᠢᠯᠠᠨ ᠪᠤᠶᠢᠵᠢᠭᠤᠯᠬᠤ ᠬᠠᠮᠢᠶᠠᠷᠤᠯᠲᠠ ᠳᠤ ᠮᠡᠷᠭᠡᠵᠢᠯ ᠤᠨ | ᠵᠢᠯᠣᠭᠤᠳᠣᠯᠭ᠎ᠠ ᠬᠢᠨ᠎ᠠ᠃ ᠬᠥᠳᠡᠭᠡ ᠲᠣᠰᠬᠤᠨ ᠤ ᠬᠤᠶᠠᠷ ᠱᠠᠲᠤᠨ ᠤ ᠣᠶ ᠰᠢᠭᠤᠶ ᠶᠢᠨ ᠳᠠᠷᠤᠭ᠎ᠠ᠂ ᠣᠶ ᠰᠢᠭᠤᠶ | ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠠᠭᠠᠯᠠᠭᠴᠢ ᠶᠢ ᠰᠢᠮᠳᠠᠭᠤᠯᠵᠤ ᠪᠠᠶᠢᠭᠠᠳ ᠲᠥᠷᠥᠯ ᠵᠦᠢᠯ ᠤᠨ | ᠲᠣᠭᠤᠷᠢᠭ ᠤᠨ ᠲᠣᠭᠤᠷᠢᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠥᠬᠦ ᠬᠤᠰᠢᠭᠤᠨ ᠤ | ᠲᠥᠷᠥᠯ ᠵᠦᠢᠯ ᠢ ᠰᠢᠯᠭᠠᠨ ᠠᠪᠬᠤ ᠪᠠ ᠲᠥᠷᠥᠯ ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ︵ᠭᠤᠷᠪᠠ︶ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠃ ᠤᠯᠤᠰ ᠤᠨ ᠵᠢᠭᠡᠯᠡᠯᠭᠡ ᠶᠢᠨ | ᠪᠡᠯᠡ ᠮᠥᠩᠭᠦ ᠶᠢ ᠬᠡᠷᠡᠭᠯᠡᠵᠦ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠶ᠃ ︽ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ︾ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ ᠭᠠᠷᠭᠠᠵᠤ᠂ ᠡᠯ᠎ᠡ ᠬᠤᠯᠪᠣᠭᠳᠠᠯ ᠪᠥᠬᠦᠶ | ᠰᠤᠮᠤ ᠰᠢᠶᠠᠩ ᠪᠠᠯᠭᠠᠰᠤ ᠪᠣᠯᠤᠨ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢ ᠵᠢᠯᠣᠭᠤᠳᠤᠨ ︽ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠠᠬᠢᠭᠤᠯᠤᠨ᠎ᠠ᠃ | ︵ᠲᠦᠷᠪᠡ︶ ᠬᠤᠰᠢᠭᠤᠨ ᠤ ᠪᠠᠶᠢᠬᠠᠯᠢ ᠶᠢᠨ ᠡᠬᠢ ᠪᠠᠶᠠᠯᠢᠭ ᠤᠨ ᠲᠤᠪᠴᠢᠶ᠎ᠠ᠃ ᠬᠤᠰᠢᠭᠤᠨ ᠤ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠰᠤᠮᠤ ᠰᠢᠶᠠᠩ ᠪᠠᠯᠭᠠᠰᠤ ᠲᠠᠢ ᠬᠠᠮᠵᠢᠯᠴᠠᠨ ᠭᠠᠵᠠᠷ | ᠰᠢᠷᠣᠶ ᠶᠢᠨ ᠰᠢᠨᠵᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠭᠠᠵᠠᠷ ᠬᠡᠷᠡᠭᠯᠡᠬᠦ ᠶᠢ ᠬᠢᠨᠠᠨ | ᠬᠠᠷᠭᠤᠭᠤᠯᠤᠭᠰᠠᠨ ᠰᠠᠨᠠᠯ ᠭᠠᠷᠭᠠᠵᠤ᠂ ᠣᠶᠢᠵᠢᠭᠤᠯᠵᠤ ᠡᠪᠡᠰᠦ ᠳᠠᠷᠢᠬᠤ ᠶᠢ ︽ᠪᠣᠳᠠᠲᠠᠶᠢᠵᠢᠭᠤᠯᠤᠭᠰᠠᠨ ᠵᠢᠷᠤᠭ︾ ᠢ | ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ︵ᠲᠠᠪᠤ︶ ᠬᠤᠰᠢᠭᠤᠨ ᠤ ᠲᠤᠭ᠎ᠠ ᠪᠦᠷᠢᠳᠬᠡᠯ ᠤᠨ ᠲᠤᠪᠴᠢᠶ᠎ᠠ᠃ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠨᠢᠭᠡᠳᠦᠯᠲᠡᠶ ᠲᠥᠯᠥᠪᠯᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ | ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠵᠢᠯᠴᠠᠨ ᠬᠥᠮᠥᠷᠭᠡ ᠳᠤ ᠣᠷᠣᠭᠤᠯᠬᠤ ᠪᠠ | ᠪᠦᠷᠢᠳᠬᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠲᠥᠷᠥᠯ ᠵᠦᠢᠯ ᠤᠨ ᠠᠵᠢᠯ | ᠡᠬᠢᠯᠡᠭᠦᠯᠬᠦ ᠦᠶ᠎ᠡ ᠳᠤ ᠲᠤᠬᠠᠶ ᠶᠢᠨ ᠭᠠᠵᠠᠷ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠲᠤᠬᠠᠶ ᠶᠢᠨ ᠲᠠᠯᠠᠪᠤᠷ ᠤᠨ | ᠲᠤᠭ᠎ᠠ ᠪᠠᠷᠢᠮᠲᠠ ᠶᠢ ᠴᠤᠭᠯᠠᠭᠤᠯᠬᠤ ᠵᠡᠷᠭᠡ ᠠᠵᠢᠯ ᠢ ᠬᠢᠵᠦ᠂ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ ᠬᠠᠤᠯᠢ ᠲᠣᠭᠲᠠᠭᠠᠯ ᠶᠣᠰᠣᠭᠠᠷ ᠨᠢᠭᠡᠳᠬᠡᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ | ᠲᠤᠰᠢᠶᠠᠬᠤ ᠶᠢ ᠦᠨᠡᠨᠬᠦ ᠪᠠᠲᠤᠯᠠᠨ᠎ᠠ᠃ | ︵ᠵᠢᠷᠭᠤᠭ᠎ᠠ︶ ᠬᠤᠰᠢᠭᠤᠨ ᠤ ᠳᠤᠲᠤᠭᠠᠲᠤ ᠶᠢ ᠬᠠᠮᠠᠭᠠᠯᠠᠬᠤ ᠲᠤᠪᠴᠢᠶ᠎ᠠ᠃ ᠲᠥᠷᠥᠯ ᠵᠦᠢᠯ ᠤᠨ ᠣᠷᠣᠨ ᠤ | ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠬᠠᠷᠢᠭᠤᠴᠠᠵᠤ᠂ ᠪᠠᠷᠢᠯᠭ᠎ᠠ ᠶᠢᠨ ᠠᠵᠢᠯ ᠢ ᠬᠠᠷᠰᠢᠯᠠᠬᠤ ᠪᠠ | ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠡᠪᠳᠡᠬᠦ ᠡᠯ᠎ᠡ ᠵᠦᠢᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠨ᠎ᠡ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠰᠢᠭᠤᠨ ᠤ ᠣᠶ ᠰᠢᠭᠤᠶ ᠡᠪᠡᠰᠦ | ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ | ᠡᠬᠢ ᠪᠠᠶᠠᠯᠢᠭ ᠪᠠ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠬᠠᠮᠵᠢᠯᠴᠠᠨ᠂ ᠡᠯ᠎ᠡ ᠬᠤᠯᠪᠣᠭᠳᠠᠯ ᠪᠥᠬᠦᠶ ᠰᠤᠮᠤ | ᠰᠢᠶᠠᠩ ᠪᠠᠯᠭᠠᠰᠤ ᠪᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠭᠤᠤᠯ ᠪᠠᠶᠢᠯᠳᠤᠭᠠᠨ ᠤ ᠲᠠᠯᠠᠪᠠᠶ ᠶᠢᠨ | ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠬᠤᠯᠪᠣᠭᠳᠠᠯ ᠪᠥᠬᠦᠶ | ᠰᠤᠮᠤ ᠰᠢᠶᠠᠩ ᠪᠠᠯᠭᠠᠰᠤ ᠪᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡᠯᠡᠵᠦ ᠪᠠᠶᠢᠭ᠎ᠠ ᠡᠭᠦᠷᠭᠡ ᠪᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠪᠠᠨ | ᠤᠶᠠᠯᠳᠤᠭᠤᠯᠤᠨ᠂ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ | ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ᠠᠵᠢᠯ ᠤᠨ ᠡᠭᠦᠷᠭᠡ ᠪᠠᠨ | ᠨᠠᠷᠢᠯᠢᠬᠵᠢᠭᠤᠯᠤᠨ ᠬᠡᠮᠵᠢᠶᠡᠵᠢᠭᠦᠯᠵᠦ᠂ ᠴᠠᠭ ᠤᠨ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠨ᠂ ︽ᠭᠤᠷᠪᠠᠨ | ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦ ᠪᠠᠨ ᠬᠠᠮᠲᠤᠳᠬᠠᠨ | ᠠᠬᠢᠭᠤᠯᠬᠤ ᠬᠡᠷᠡᠭᠲᠡᠶ᠃ | ︵ᠭᠤᠷᠪᠠ︶ ᠣᠬᠠᠭᠤᠯᠭ᠎ᠠ ᠶᠢ ᠦᠷᠭᠡᠨ ᠢᠶᠠᠷ ᠳᠠᠶᠢᠴᠢᠯᠠᠨ᠎ᠠ᠃ ᠵᠠᠭᠤᠴᠢᠯᠠᠭᠤᠷ᠂ ᠸᠢᠳᠢᠣ᠋᠂ ᠰᠦᠯᠵᠢᠶ᠎ᠡ ᠵᠡᠷᠭᠡ | ᠲᠠᠪᠴᠠᠩ ᠢ ᠠᠰᠢᠭᠯᠠᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠲᠦᠩᠯᠢᠶᠣᠤ ᠬᠤᠲᠠ ᠶᠢᠨ ︽ᠭᠤᠷᠪᠠᠨ | ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ | ᠶᠡᠬᠡᠪᠡᠷ ᠤᠬᠠᠭᠤᠯᠵᠤ᠂ ᠵᠠᠰᠠᠯᠲᠠ ᠶᠢᠨ ᠲᠤᠷᠰᠢᠯᠭ᠎ᠠ ᠦᠷ᠎ᠡ ᠪᠦᠲᠦᠮᠵᠢ ᠪᠠᠨ ᠬᠢᠨᠠᠮᠠᠭᠠᠶ ᠳ᠋ᠦᠩᠨᠡᠨ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠶ ᠪᠠᠷ ᠰᠣᠩᠭᠤᠨ ᠪᠣᠶ ᠪᠣᠯᠭᠠᠵᠤ᠂ | ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠲᠦᠷᠪᠡ︶ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠴᠢᠬᠤᠯᠠ ᠶᠡᠭᠡ ᠠᠮᠢ ᠠᠬᠤᠶ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠤᠮᠤ ᠰᠢᠶᠠᠩ ᠪᠠᠯᠭᠠᠰᠤ ᠲᠠᠯᠠᠪᠠᠶ ᠶᠢᠨ ᠰᠢᠯᠭᠠᠨ ᠬᠢᠨᠠᠬᠤ | ᠬᠡᠪᠴᠢᠶᠡᠨ ᠳᠤ ᠣᠷᠣᠭᠤᠯᠤᠨ᠎ᠠ᠃ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠷᠠᠭᠤᠯᠤᠨ᠂ ᠡᠭᠦᠷᠭᠡ ᠶᠢ ᠨᠠᠶᠢᠳᠠᠪᠤᠷᠢᠵᠢᠭᠤᠯᠤᠭᠰᠠᠨ ᠢᠶᠠᠷ ᠰᠤᠯᠠ᠂ ᠠᠵᠢᠯ ᠤᠨ ᠠᠬᠢᠴᠠ ᠪᠠᠷ | ᠤᠳᠠᠭᠠᠨ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠭ᠎ᠠ ᠬᠠᠮᠢᠶ᠎ᠠ | ᠪᠦᠬᠦᠢ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠤ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ | ᠴᠢᠩᠭᠠᠷᠠᠭᠤᠯᠤᠨ᠎ᠠ᠃ | ᠳᠠᠭᠠᠯᠳᠤᠭᠤᠯᠤᠯ1. | | 期)2025年计划任务表 (1).xlsx | | |