| 2025 ᠣᠨ ᠤ 1 ᠰᠠᠷ᠎ᠠ ᠶᠢᠨ 11 ᠤ ᠡᠳᠦᠷ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ ᠢᠦᠶ ᠶᠦᠩ | | ᠲᠥᠯᠥᠭᠡᠯᠡᠭᠴᠢᠳ ᠡ᠄ ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ | ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠣᠶ ᠪᠣᠯᠤᠨ᠎ᠠ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ | ᠣᠷᠴᠢᠨ ᠲᠣᠭᠤᠷᠢᠨ ᠨᠠᠷᠢᠨ ᠪᠤᠳᠤᠯᠢᠶᠠᠨᠲᠠᠶ ᠬᠤᠪᠢᠷᠠᠯᠲᠠ ᠲᠠᠢ ᠪᠠᠶᠢᠳᠠᠯ ᠳᠤᠤᠷ᠎ᠠ᠂ ᠬᠤᠳᠠ ᠶᠢᠨ ᠨᠠᠮ ᠤᠨ ᠬᠤᠷᠢᠶ᠎ᠠ | ᠂ ᠬᠤᠳᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤᠨ ᠤ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠡᠷᠡᠯᠬᠡᠭᠯᠡᠨ ᠤᠷᠤᠭᠰᠢᠯᠠᠵᠤ᠂ ᠪᠡᠷᠬᠡ ᠳᠤᠮᠳᠠ ᠵᠢᠳᠭᠦᠯ ᠴᠢᠷᠮᠠᠶᠢᠯᠠᠭ᠎ᠠ ᠭᠠᠷᠭᠠᠵᠤ᠂ ᠠᠵᠢᠯᠯᠠᠬᠤ ᠲᠤᠮᠳᠠ | ᠤᠷᠤᠭᠰᠢᠯᠠᠨ ᠳᠠᠪᠰᠢᠭᠰᠠᠨ᠂ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠪᠠ᠃ | —— ᠠᠵᠤ ᠠᠬᠤᠶ ᠶᠢᠨ ᠠᠵᠢᠯᠯᠠᠭᠠᠨ ᠳᠠᠷᠤᠯᠲᠠ ᠶᠢ ᠳᠠᠭᠠᠭᠠᠵᠤ ᠦᠷᠭᠦᠯᠵᠢᠯᠡᠨ ᠲᠣᠭᠲᠠᠪᠤᠷᠢᠵᠢᠪᠠ᠃ | ᠵᠢᠱᠢᠯᠲᠡ ᠪᠠᠷ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 148.5 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 4% ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠦᠯ ᠵᠦᠢᠯ ᠢ 56 ᠬᠡᠷᠡᠭᠵᠢᠭᠦᠯᠵᠦ᠂ 54.5 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠮᠢᠩᠭᠠᠨ ᠲᠦᠮᠡᠨ ᠲᠥᠭᠦᠷᠢᠭ ᠠᠴᠠ | ᠳᠡᠭᠡᠭᠰᠢᠬᠢ ᠲᠥᠷᠦᠯ ᠵᠦᠢᠯ ᠢ 70 ᠲᠡᠳᠡᠨ ᠣᠷᠣᠭᠤᠯᠵᠤ᠂ 40.4 ᠳ᠋ᠦᠩᠰᠢᠭᠤᠷ ᠲᠥᠭᠦᠷᠢᠭ ᠤᠨ ᠪᠡᠯᠡ ᠮᠦᠩᠭᠦ | ᠶᠢ ᠪᠤᠳᠠᠲᠠᠶᠢᠵᠢᠭᠤᠯᠵᠤ᠂ ᠪᠤᠳᠠᠲᠠᠢ ᠠᠰᠢᠭᠯᠠᠭᠰᠠᠨ ᠭᠠᠳᠠᠭᠠᠳᠤ ᠪᠡᠯᠡ 8028 ᠲᠦᠮᠡᠨ ᠲᠥᠭᠦᠷᠢᠭ ᠲᠤ ᠬᠦᠷᠴᠦ᠂ | ᠪᠦᠬᠦ ᠬᠤᠲᠠ ᠶᠢᠨ ᠭᠠᠳᠠᠭᠠᠳᠤ ᠪᠡᠯᠡ ᠶᠢ ᠠᠰᠢᠭᠯᠠᠬᠤ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ | 87.6% ᠳᠤ ᠬᠦᠷᠴᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ 6%︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠬᠡᠮᠵᠢᠶ᠎ᠡ ᠶᠢ 29.1 ᠳ᠋ᠦᠩᠰᠢᠭᠤᠷ ᠲᠥᠭᠦᠷᠢᠭ ᠲᠤ ᠬᠦᠷᠭᠡᠵᠦ᠂ 4% ᠪᠠᠷ ᠨᠡᠮᠡᠭᠳᠡᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 6.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 11.5% ᠪᠠᠷ | ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤ | ᠣᠷᠣᠯᠭ᠎ᠠ ᠶᠢ ᠲᠣᠰᠪᠣᠷᠢ 37816 ᠲᠥᠭᠦᠷᠢᠭ ᠪᠠ 19511ᠲᠥᠭᠦᠷᠢᠭ ᠲᠤ ᠬᠦᠷᠭᠡᠵᠦ᠂ 6% ᠪᠠ 7% ᠪᠠᠷ | ᠨᠡᠮᠡᠭᠳᠡᠪᠡ᠃ | —— ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠢ ᠲᠦᠷᠭᠡᠳᠪᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 45 ᠲᠦᠮᠡᠨ ᠮᠥ ᠰᠢᠨ᠎ᠡ ᠪᠠᠷ ᠪᠠᠶᠢᠭᠤᠯᠵᠤ᠂ ᠡᠷᠳᠡᠨᠢ ᠰᠢᠰᠢ ᠶᠢᠨ | ᠦᠨᠳᠦᠷ ᠤᠨᠠᠯᠲᠠ ᠶᠢ ᠨᠢᠬᠲᠠ ᠲᠠᠷᠢᠬᠤ ᠶᠢ 122.3 ᠲᠦᠮᠡᠨ ᠮᠥ ᠳᠡᠯᠭᠡᠷᠡᠭᠦᠯᠵᠦ᠂ ᠲᠠᠷᠢᠶᠠᠯᠠᠩ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ 112.7 ᠲᠦᠮᠡᠨ ᠮᠤ᠋ ᠬᠡᠷᠡᠭᠵᠢᠭᠦᠯᠦᠨ᠂ ᠵᠢᠱᠢᠶ᠎ᠡ | ᠦᠵᠡᠭᠦᠯᠬᠦ ᠣᠷᠣᠨ ᠤ ᠮᠥ ᠪᠦᠷᠢ ᠶᠢᠨ ᠤᠨᠠᠯᠲᠠ ᠬᠠᠮᠤᠭ ᠤᠨ ᠥᠨᠳᠥᠷ ᠳᠡᠭᠡᠨ 2363.7 ᠵᠢᠩ ᠳᠤ ᠬᠦᠷᠴᠦ᠂ | ᠠᠮᠤ ᠪᠤᠳᠠᠭᠠᠨ ᠤ ᠶᠡᠷᠦᠩᠬᠡᠶ ᠤᠨᠠᠯᠲᠠ 26 ᠳ᠋ᠦᠩᠰᠢᠭᠤᠷ ᠵᠢᠩ ᠳᠤ ᠬᠦᠷᠴᠦ᠂ ︽ᠠᠷᠪᠠᠨ ᠬᠤᠶᠠᠷ ᠵᠢᠯ ᠳᠠᠷᠠᠭᠠᠯᠠᠨ | ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠪᠡ᠃ ᠲᠦᠮᠡᠨ ᠦᠬᠡᠷ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ | ᠢ 1᠂ ᠮᠢᠩᠭᠠᠨ ᠦᠬᠡᠷ ᠪᠣᠷᠳᠣᠨ ᠲᠠᠷᠭᠤᠯᠠᠭᠤᠯᠬᠤ ᠲᠠᠯᠠᠪᠠᠢ ᠶᠢ 3 ᠪᠠᠶᠢᠭᠤᠯᠵᠤ᠂ ᠪᠠᠷᠢᠮᠵᠢᠶᠠᠵᠢᠭᠰᠠᠨ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠲᠠᠯᠠᠪᠠᠢ ᠶᠢ 12᠂ ᠵᠢᠱᠢᠶ᠎ᠡ ᠦᠵᠡᠭᠦᠯᠬᠦ ᠲᠣᠰᠬᠤᠨ ᠢ 2 ᠪᠠᠶᠢᠭᠤᠯᠵᠤ᠂ | ᠬᠤᠲᠠ ᠶᠢᠨ ᠲᠡᠰ ᠤᠨ ᠦᠷ᠎ᠡ ᠪᠤᠶᠢᠵᠢᠭᠤᠯᠬᠤ ᠭᠤᠤᠯ ᠲᠠᠯᠠᠪᠠᠢ ᠶᠢ 1 ᠪᠤᠶᠢᠵᠢᠭᠤᠯᠵᠤ᠂ ᠮᠠᠯᠵᠢᠯ ᠤᠨ ᠣᠨ ᠤ | ᠭᠡᠷ ᠤᠨ ᠲᠡᠵᠢᠭᠡᠪᠦᠷᠢ ᠶᠢᠨ ᠲᠤᠭ᠎ᠠ ᠲᠣᠯᠣᠭᠠᠶ 200 ᠲᠦᠮᠡ ᠲᠤᠯᠤᠭᠠᠢ ᠶᠢ ᠳᠠᠪᠠᠪᠠ᠃ ᠰᠢᠨ᠎ᠡ ᠪᠠᠷ ᠭᠡᠷᠡᠴᠢᠯᠡᠭᠰᠡᠨ | ᠪᠣᠬᠢᠷᠲᠤᠯ ᠥᠬᠡᠶ ᠢᠳᠡᠭᠡᠨ ᠢ 4᠂ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠢ 2᠂ ︽ᠨᠠᠢᠮᠠᠨ ᠤ ᠠᠮᠲᠠᠲᠤ ᠲᠥᠮᠥᠰᠥ︾ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ | ᠲᠡᠮᠳᠡᠭᠲᠦ ᠳᠤ ᠰᠣᠩᠭᠤᠭᠳᠠᠪᠠ᠃ ᠵᠢᠩ ᠠᠨ ᠵᠢᠪᠡᠷᠡᠬᠦ ᠦᠭᠡᠢ ᠪᠤᠯᠤᠳ ᠬᠡᠪᠰᠢᠭᠦᠯᠬᠦ ᠦᠢᠯᠡᠳᠪᠦᠷᠢᠯᠡᠯ ᠤᠨ | ᠱᠤᠭᠤᠮ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠵᠢᠪᠦᠷᠡᠬᠦ ᠦᠭᠡᠢ ᠪᠤᠯᠤᠳ ᠤᠨ ᠭᠠᠷᠤᠯᠲᠠ | 8 ᠲᠦᠮᠡᠨ ᠲᠣᠨ ᠳᠤ ᠬᠦᠷᠪᠡ᠃ ᠰᠢᠩ ᠭᠦ᠋ ᠶᠢᠨ 1 ᠳ᠋ᠦ᠋ᠭᠡᠷ ᠱᠤᠭᠤᠮ ᠠᠰᠢᠭᠯᠠᠯᠲᠠ ᠳᠤ ᠣᠷᠣᠵᠤ᠂ 2 ᠳ᠋ᠤᠭᠠᠷ | ᠱᠤᠭᠤᠮ ᠨᠢ ᠪᠦᠬᠦᠨ ᠢᠶᠠᠷ ᠢᠶᠠᠨ ᠪᠠᠷᠢᠯᠭ᠎ᠠ ᠡᠬᠢᠯᠡᠵᠦ᠂ ᠰᠢᠯ ᠰᠢᠷᠬᠡᠭ ᠢ ᠠᠰᠢᠭᠯᠠᠯᠲᠠ ᠳᠤ ᠣᠷᠣᠭᠤᠯᠤᠭᠰᠠᠨ ᠠᠵᠤ | ᠠᠬᠤᠶᠢᠯᠠᠯ 18 ᠳᠤ ᠬᠦᠷᠴᠦ᠂ ᠴᠠᠬᠢᠭᠤᠷᠳᠣ ᠰᠠᠭᠤᠷᠢ ᠰᠢᠨ᠎ᠡ ᠮᠠᠲ᠋ᠧᠷᠢᠶᠠᠯ ᠤᠨ ᠭᠠᠷᠤᠯᠲᠠ ᠨᠢ 10 ᠲᠦᠮᠡᠨ | ᠲᠣᠨ ᠢ ᠳᠠᠪᠠᠵᠤ᠂ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠢ ᠳᠠᠪᠠᠪᠠ᠃ ᠵᠢᠩ ᠠᠨ 400 | ᠰᠠᠶ᠎ᠠ ᠸᠠᠲ ᠴᠠᠬᠢᠯᠭᠠᠨ ᠡᠭᠦᠰᠭᠡᠭᠴᠢ ᠶᠢᠨ ᠴᠠᠬᠢᠯᠭᠠᠨ ᠴᠡᠨᠡᠭ ᠢ ᠨᠥᠭᠡᠴᠡᠯᠡᠬᠦ ᠠᠵᠢᠯ ᠢ ᠡᠬᠢᠯᠡᠭᠦᠯᠦᠨ ᠪᠠᠶᠢᠭᠤᠯᠵᠤ᠂ | 24 ᠰᠠᠶ᠎ᠠ ᠸᠠᠲ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠲᠥᠷᠥᠯ ᠵᠦᠢᠯ ᠪᠠᠶᠢᠭᠤᠯᠤᠭᠳᠠᠵᠤ | ᠠᠰᠢᠭᠯᠠᠯᠲᠠ ᠳᠤ ᠤᠷᠤᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1057 ᠲᠦᠮᠡᠨ | ᠺᠢᠯᠤᠸᠠᠲ ᠬᠦᠷᠪᠡ᠃ ᠮᠦ ᠶᠤᠸᠠᠨ ᠭᠠᠭ᠋ᠠᠢ ᠨᠢᠲᠤᠯᠬᠤ ᠠᠵᠢᠯᠯᠠᠭ᠎ᠠ ᠲᠣᠭᠲᠠᠭᠤᠨ ᠢᠶᠠᠷ ᠶᠠᠪᠤᠭᠳᠠᠵᠤ᠂ ᠰᠢᠨ᠎ᠡ | ᠰᠣᠷᠭᠤᠭ ᠢᠳᠡᠭᠡᠨ ᠤ ᠡᠷᠳᠡᠨᠢ ᠰᠢᠰᠢ ᠶᠢᠨ ᠦᠢᠯᠡᠳᠪᠦᠷᠢᠯᠡᠬᠦ ᠴᠢᠳᠠᠪᠤᠷᠢ 6200 ᠲᠦᠮᠡᠨ ᠲᠦᠷᠦᠭᠦᠦ ᠳᠤ ᠬᠦᠷᠴᠦ | ᠂ ᠷᠧᠨ ᠵᠦᠩ ᠬᠤᠶᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠵᠤ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠭᠰᠡᠨ ᠶᠡᠷᠦᠩᠬᠡᠢ ᠦᠢᠯᠡᠳᠬᠦᠨ ᠤ ᠥᠷᠲᠡᠭ 20 | ᠳ᠋ᠦᠩᠰᠢᠭᠤᠷ ᠲᠥᠭᠦᠷᠢᠭ ᠲᠤ ᠬᠦᠷᠪᠡ᠃ ᠪᠠᠶᠢᠭᠠᠯᠢ ᠶᠢᠨ ᠬᠤᠵᠢᠷ ᠤᠨ ᠡᠬᠢ ᠪᠠᠶᠠᠯᠢᠭ ᠤᠨ ᠬᠠᠶᠢᠨ ᠰᠢᠨᠵᠢᠯᠲᠡ ᠶᠢ | ᠪᠡᠶᠡᠯᠡᠭᠦᠯᠪᠡ᠃ ᠴᠠᠷᠠᠰᠤ — ᠢ ᠯᠦᠩ ᠶᠦᠩ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ︵ᠨᠠᠢᠮᠠᠨ ᠤ ᠬᠡᠰᠡᠭ︶᠂ | ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠯᠪᠤᠷᠢ ᠱᠤᠭᠤᠮ ᠤᠨ ᠪᠠᠷᠢᠯᠭ᠎ᠠ ᠶᠢᠨ ᠭᠤᠣᠯ | ᠴᠣᠭᠴᠠ ᠶᠢᠨ ᠠᠵᠢᠯ ᠢ ᠳᠠᠭᠤᠰᠬᠠᠵᠤ᠂ ᠭᠤᠸᠠᠩ ᠰᠢᠩ 220 ᠺᠢᠯᠤᠸᠠᠲ ᠤᠨ ᠴᠠᠬᠢᠯᠭᠠᠨ ᠬᠤᠪᠢᠰᠬᠠᠬᠤ ᠥᠷᠲᠡᠭᠡ | ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠨᠡᠮᠡᠭᠳᠡᠯ ᠴᠠᠬᠢᠯᠭᠠᠨ ᠲᠣᠣᠷ ᠵᠡᠭᠦᠨ ᠬᠤᠶᠢᠲᠤ | ᠣᠷᠣᠨ ᠳᠤ ᠴᠠᠬᠢᠯᠭᠠᠨ ᠬᠦᠴᠦᠳᠡᠯ ᠤᠨ ᠳᠡᠰ ᠳᠦᠭᠦᠷᠦᠭᠰᠡᠨ ᠠᠵᠢᠯᠯᠠᠭᠠᠨ ᠢ ᠤᠷᠢᠳᠠᠪᠠᠷ ᠪᠡᠶᠡᠯᠡᠭᠦᠯᠪᠡ᠃ ᠨᠠᠢᠮᠠᠨ ᠤ | ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠡᠬᠢᠯᠡᠵᠦ᠂ ᠲᠠᠷᠢᠶᠠᠯᠠᠩ ᠤᠨ | ᠪᠦᠲᠦᠭᠡᠭᠳᠡᠬᠦᠨ ᠤ ᠲᠠᠸᠠᠷᠴᠢᠯᠠᠨ ᠰᠢᠢᠳᠪᠦᠷᠢᠯᠡᠬᠦ ᠲᠥᠪ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ᠠᠵᠤ | ᠦᠢᠯᠡᠳᠪᠦᠷᠢ ᠶᠢᠨ ᠵᠡᠭᠦᠨ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ ᠲᠡᠷᠭᠡ ᠨᠡᠪᠲᠡᠷᠡᠵᠦ᠂ ᠴᠢ ᠶᠠ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠤᠷᠤᠢ ᠶᠢ ᠨᠢ ᠠᠳᠠᠭᠠᠷᠯᠠᠵᠤ᠂ ᠦᠢᠯᠡᠴᠢᠯᠡᠭᠡᠨ ᠤ ᠦᠢᠯᠡᠰ ᠤᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪᠴᠢᠶᠡᠵᠢᠯ ᠤᠨ ᠳᠡᠭᠡᠳᠦ ᠬᠢᠵᠠᠭᠠᠷ 24 ᠡᠷᠦᠬᠡ ᠪᠠᠶᠢᠵᠤ᠂ | ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ ᠡᠭᠦᠳᠴᠦ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ ᠤ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠰᠢᠶᠠᠨ ᠢᠶᠠᠷ | ᠲᠤᠭᠲᠠᠭᠠᠭᠳᠠᠪᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠬᠤᠯᠪᠣᠭᠠᠲᠤ ᠴᠣᠭᠴᠠ ᠶᠢ 18 | ᠡᠷᠦᠬᠡ ᠪᠤᠶᠢᠵᠢᠭᠤᠯᠵᠤ᠂ ᠡᠵᠡᠩᠨᠡᠯᠲᠡ ᠶᠢᠨ ᠣᠷᠣᠯᠭ᠎ᠠ ᠪᠦᠬᠦ ᠬᠤᠲᠠ ᠶᠢᠨ ᠲᠡᠷᠢᠭᠦᠨ ᠳᠤ ᠣᠷᠣᠪᠠ᠃ ᠮᠧᠩ ᠵᠢᠶᠠ | ᠳ᠋ᠤᠸᠠᠨ ᠤ ᠨᠤᠭᠤ ᠭᠠᠵᠠᠷ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ | ᠲᠠᠷᠢᠶᠠᠯᠠᠩ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ 3 ᠨᠡᠭᠡᠭᠡᠨ ᠬᠥᠭᠵᠢᠭᠦᠯᠵᠦ᠂ | ᠣᠨᠴᠠᠯᠢᠭᠲᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ 400 ᠭᠠᠷᠤᠶ ᠤᠳᠠᠭ᠎ᠠ ᠡᠷᠭᠢᠯᠡᠵᠦ᠂ ᠵᠤᠭᠠᠴᠠᠭᠰᠠᠳ ᠢ | 146 ᠲᠦᠮᠡᠨ ᠬᠥᠮᠦᠨ ᠤᠳᠠᠭ᠎ᠠ ᠭᠥᠯᠢᠶᠡᠨ ᠠᠪᠤᠪᠠ᠃ ᠪᠦᠲᠦᠭᠡᠨ ᠪᠠᠶᠢᠭᠤᠯᠤᠯᠲᠠ ᠶᠢᠨ ᠪᠠᠩᠬᠢ ᠨᠠᠢᠮᠠᠨ ᠳᠤ | ᠰᠠᠭᠤᠷᠢᠰᠢᠵᠤ᠂ ᠬᠤᠰᠢᠭᠤᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ | ᠦᠯᠡᠳᠡᠪᠦᠷᠢ 160 ᠳ᠋ᠦᠩᠰᠢᠭᠤᠷ ᠲᠥᠭᠦᠷᠢᠭ ᠢ ᠳᠠᠪᠠᠵᠤ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ | ᠨᠡᠮᠡᠭᠳᠡᠯ ᠤᠨ ᠬᠤᠷᠳᠤᠴᠠ 30% ᠢ ᠳᠠᠪᠠᠵᠠᠢ᠃ | —— ᠬᠥᠭᠵᠢᠯᠲᠡ ᠶᠢᠨ ᠬᠥᠳᠡᠯᠭᠡᠭᠴᠢ ᠬᠦᠴᠦᠨ ᠢᠶᠠᠨ ᠯᠠᠪᠳᠠᠭᠤᠨ ᠢᠶᠠᠷ ᠪᠠᠳᠠᠷᠠᠭᠤᠯᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠠᠵᠢᠯᠯᠠᠭ᠎ᠠ ᠡᠯᠪᠡᠭ ᠪᠠᠶᠠᠯᠢᠭ ᠦᠷ᠎ᠡ ᠪᠦᠲᠦᠮᠵᠢ | ᠣᠯᠵᠤ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 2 ᠬᠡᠷᠡᠭᠵᠢᠭᠦᠯᠵᠦ᠂ | ᠤᠯᠤᠰ ᠤᠨ ᠲᠤᠰᠬᠠᠶ ᠠᠰᠢᠭ ᠤᠨ ᠮᠡᠷᠭᠡᠵᠢᠯ ᠤᠨ ᠬᠠᠮᠠᠭᠠᠯᠠᠯᠲᠠ ᠳᠤ ᠠᠮᠵᠢᠯᠲᠠ ᠲᠠᠢ ᠪᠠᠷ 1 ᠲᠦᠷᠦᠯ ᠵᠦᠢᠯ ᠢ | ᠭᠤᠶᠤᠴᠢᠯᠠᠨ ᠮᠡᠳᠡᠭᠦᠯᠪᠡ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ 3 | ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠪᠠ ᠲᠤᠰᠬᠠᠶ ᠨᠠᠷᠢᠯᠢᠭ ᠣᠨᠴᠠ | ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ 5 ᠪᠤᠶᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 22 ᠬᠦᠮᠦᠷᠭᠡ ᠳᠤ ᠤᠷᠤᠭᠤᠯᠪᠠ᠃ | ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠲᠡᠰ ᠤᠨ ᠡᠮ ᠤᠨ ᠮᠠᠲ᠋ᠧᠷᠢᠶᠠᠯ ᠲᠠᠷᠢᠬᠤ ᠪᠠᠷᠢᠮᠵᠢᠶ᠎ᠠ ᠶᠢ 10 ᠲᠣᠭᠲᠠᠭᠠᠵᠤ᠂ ︽ᠮᠧᠩ | ᠦᠰᠦᠭᠲᠦ ᠲᠡᠮᠳᠡᠭ︾ ᠢᠶᠠᠷ ᠭᠡᠷᠡᠴᠢᠯᠡᠭᠳᠡᠭᠰᠡᠨ ᠪᠦᠲᠦᠭᠡᠭᠳᠡᠬᠦᠨ ᠤ ᠲᠥᠷᠥᠯ ᠵᠦᠢᠯ ᠰᠢᠨ᠎ᠡ ᠪᠠᠷ 5 ᠨᠡᠮᠡᠭᠳᠡᠪᠡ᠃ | ᠬᠥᠳᠡᠭᠡ ᠠᠵᠤ ᠠᠬᠤᠢ ᠶᠢᠨ ᠬᠠᠮᠲᠤ ᠶᠢᠨ ᠠᠵᠢᠯᠯᠠᠭᠠᠨ ᠤ ᠥᠭᠡᠷᠡᠴᠢᠯᠡᠯᠲᠡ ᠲᠣᠭᠲᠠᠭᠤᠨ ᠢᠶᠠᠷ ᠶᠠᠪᠤᠭᠳᠠᠪᠠ᠃ | ᠬᠠᠮᠲᠤ ᠶᠢᠨ ᠠᠵᠤ ᠠᠬᠤᠢ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠡᠷᠬᠡ ᠶᠢ ᠲᠣᠳᠣᠯᠠᠨ ᠳᠠᠩᠰᠠᠯᠠᠵᠤ ᠦᠨᠡᠮᠯᠡᠯ | ᠣᠯᠭᠤᠬᠤ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ ᠠᠰᠢᠭᠯᠠᠯᠲᠠ ᠳᠤ ᠣᠷᠣᠭᠤᠯᠵᠤ᠂ ᠪᠦᠬᠦ ᠬᠤᠲᠠ ᠶᠢᠨ | ᠠᠩᠬᠠᠳᠠᠭᠴᠢ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠫᠠᠶᠢᠰᠠ ᠡᠯᠭᠦᠨ | ᠠᠷᠠᠯᠵᠢᠶᠠᠯᠠᠬᠤ ᠶᠢ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠰᠢᠨ᠎ᠡ ᠶᠢ | ᠡᠭᠦᠳᠬᠦ ᠣᠨ ᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ︽ᠠᠷᠪᠠᠨ ᠬᠤᠶᠠᠷ ᠶᠠᠪᠤᠳᠠᠯ ᠢ ᠨᠢᠭᠡᠳᠬᠡᠬᠦ︾ | ᠵᠠᠭᠪᠤᠷ ᠤᠨ ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠤᠯᠭᠠᠨ | ᠪᠣᠭᠤᠨᠢᠰᠬᠠᠪᠠ︔ ᠪᠥᠬᠦ ᠣᠷᠣᠨ ᠳᠤ ᠭᠡᠷ ᠪᠠᠶᠢᠰᠢᠩ ᠤᠨ ᠨᠡᠮᠡᠭᠳᠡᠯ ᠳᠤ ︽ᠬᠤᠤᠰ ᠤᠷᠢᠳᠴᠢᠯᠠᠨ ᠮᠡᠳᠡᠭᠳᠡᠬᠦ︾ | ᠳᠠᠩᠰᠠᠯᠠᠯ ᠢ ᠤᠷᠢᠳᠠᠪᠠᠷ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ᠠᠯᠪᠠᠨ ᠭᠡᠷᠡᠴᠢᠯᠡᠭᠡ ᠶᠢᠨ ᠪᠤᠰᠤ ᠥᠪ | ᠵᠠᠯᠭᠠᠮᠵᠢᠯᠠᠯᠲᠠ ᠶᠢᠨ ᠪᠠᠷᠢᠴᠠᠭ᠎ᠠ ᠲᠠᠢ ᠪᠠᠷ ᠡᠷᠦᠬᠡ ᠰᠢᠯᠵᠢᠭᠦᠯᠬᠦ ᠶᠢ ᠭᠦᠢᠴᠡᠳᠭᠡᠪᠡ᠃ | —— ᠪᠤᠬᠢᠷᠳᠤᠯ ᠦᠭᠡᠢ ᠶᠢᠨ ᠨᠠᠷᠢᠨ ᠠᠭᠤᠯᠭ᠎ᠠ ᠨᠠᠩ ᠭᠥᠨ ᠵᠤᠵᠠᠭᠠᠨ ᠪᠣᠯᠪᠠ᠃ ᠬᠤᠷᠴᠢᠨ ᠤ | ᠡᠯᠡᠰᠦᠷᠬᠡᠭ ᠭᠠᠵᠠᠷ ᠢ ᠰᠦᠨᠦᠭᠡᠬᠦ ᠳᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠭᠤᠷᠪᠠᠨ ᠤᠮᠠᠷᠠᠲᠤ︾ | ᠶᠢᠨ ᠵᠢᠷᠭᠤᠳᠤᠭᠠᠷ ᠬᠤᠭᠤᠴᠠᠭ᠎ᠠ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ | ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠠᠵᠢᠯ ᠢ 86.5 ᠲᠦᠮᠡᠨ ᠮᠦ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠭᠤᠤᠯ ᠬᠤᠲᠠ ᠶᠢᠨ ᠲᠣᠭᠤᠷᠢᠭ ᠤᠨ ᠠᠭᠠᠷ ᠤᠨ | ᠴᠡᠪᠡᠷᠴᠡ ᠶᠢᠨ ᠨᠣᠷᠮ᠎ᠠ 92.5% ᠳᠤ ᠬᠥᠷᠪᠡ᠃ ᠤᠯᠤᠰ ᠤᠨ ᠰᠢᠯᠭᠠᠨ ᠪᠠᠶᠢᠴᠠᠭᠠᠯᠲᠠ ᠶᠢᠨ | ᠣᠭᠲᠣᠯᠤᠭᠠᠰᠤ ᠶᠢᠨ ᠤᠰᠤᠨ ᠤ ᠴᠢᠨᠠᠷ ᠭᠤᠷᠪᠠᠨ ᠵᠢᠯ ᠳᠠᠷᠠᠭᠠᠯᠠᠨ ᠪᠠᠷᠢᠮᠵᠢᠶ᠎ᠠ ᠳᠤ ᠬᠦᠷᠴᠦ᠂ ᠬᠥᠷᠥᠰᠥ ᠰᠢᠷᠣᠶ ᠶᠢᠨ | ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠡᠷᠦᠩᠬᠡᠶ ᠳᠡᠭᠡᠨ ᠲᠣᠭᠲᠠᠭᠤᠨ ᠪᠤᠯᠪᠠ᠃ ᠵᠦᠪᠰᠢᠶᠡᠷᠡᠭᠰᠡᠨ ᠪᠤᠯᠪᠠᠴᠤ | ᠬᠠᠩᠭᠠᠭᠠᠳᠦᠢ ᠰᠤᠯᠠ ᠪᠠᠶᠢᠭ᠎ᠠ ᠭᠠᠵᠠᠷ ᠰᠢᠷᠣᠢ ᠶᠢ 3478ᠮᠦ ᠰᠢᠢᠳᠪᠦᠷᠢᠯᠡᠪᠡ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ 2 ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠦᠢᠯᠡᠳᠪᠦᠷᠢ ᠶᠢ 2 ᠪᠠᠶᠢᠭᠤᠯᠵᠤ᠂ ᠨᠡᠮᠡᠭᠳᠡᠯ ᠬᠡᠮᠵᠢᠶᠡᠨ ᠤ | ᠴᠠᠬᠢᠯᠭᠠᠨ ᠲᠦᠭᠡᠭᠡᠬᠦ ᠲᠤᠤᠷ ᠲᠠᠬᠢ ᠪᠣᠬᠢᠷᠲᠤᠯ ᠥᠬᠡᠶ ᠴᠠᠬᠢᠯᠭᠠᠨ ᠢ ᠲᠤᠬᠠᠶ ᠶᠢᠨ ᠭᠠᠵᠠᠷ ᠲᠤᠨᠢ ᠪᠦᠬᠦᠨ ᠢ | ᠰᠢᠩᠭᠡᠭᠡᠵᠦ᠂ ᠠᠵᠤ ᠠᠬᠤᠶ ᠶᠢᠨ ᠬᠥᠭᠵᠢᠯᠲᠡ ᠶᠢᠨ ︽ᠪᠣᠬᠢᠷᠲᠤᠯ ᠥᠬᠡᠶ ᠶᠢᠨ ᠬᠡᠮᠵᠢᠶ᠎ᠡ︾ ᠶᠢ ᠢᠯᠡᠳᠲᠡ | ᠳᠡᠭᠡᠭᠰᠢᠯᠡᠭᠦᠯᠪᠡ᠃ | —— ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠳᠤᠯᠠᠭᠠᠯᠠᠭ᠎ᠠ ᠶᠢᠨ | ᠢᠨᠵᠧᠨᠧᠷᠢᠩ ᠢ 9 ᠬᠡᠷᠡᠭᠵᠢᠭᠦᠯᠵᠦ᠂ ᠳᠤᠯᠠᠭᠠᠯᠠᠭ᠎ᠠ ᠬᠠᠩᠭᠠᠬᠤ ᠥᠷᠲᠡᠭᠡ ᠶᠢ 28 ᠵᠠᠰᠠᠨ ᠥᠭᠡᠷᠡᠴᠢᠯᠡᠵᠦ᠂ | ᠳᠤᠯᠠᠭᠠᠯᠠᠭ᠎ᠠ ᠬᠠᠩᠭᠠᠬᠤ ᠬᠤᠭᠤᠯᠠᠢ ᠶᠢ 85 ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ | ᠰᠢᠭᠤᠳ ᠬᠠᠩᠭᠠᠬᠤ ᠲᠠᠯᠠᠪᠠᠢ ᠶᠢ ᠰᠢᠨ᠎ᠡ ᠪᠠᠷ 55 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠰᠤᠮᠤ | ᠰᠢᠶᠠᠩ ᠪᠠᠯᠭᠠᠰᠤ ᠶᠢᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠪᠦᠬᠦ ᠲᠠᠯ᠎ᠠ ᠪᠠᠷ ᠬᠦᠯᠢᠶᠡᠨ ᠠᠪᠴᠤ | ᠬᠠᠮᠢᠶᠠᠷᠤᠨ᠂ ᠬᠤᠲᠠ ᠬᠥᠳᠡᠭᠡ ᠶᠢᠨ ᠳᠤᠯᠠᠭᠠᠯᠠᠭ᠎ᠠ ᠬᠠᠩᠭᠠᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃ | ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠠᠵᠢᠯ ᠢ ᠪᠡᠶᠡᠯᠡᠭᠦᠯᠵᠦ᠂ | ᠰᠢᠲᠠᠮᠠᠬᠠᠢ ᠬᠡᠢ᠂ ᠤᠰᠤ ᠭᠠᠳᠠᠭᠰᠢᠯᠠᠭᠤᠯᠬᠤ᠂ ᠤᠰᠤ ᠬᠠᠩᠭᠠᠬᠤ ᠵᠡᠷᠭᠡ ᠬᠠᠭᠤᠴᠢᠷᠠᠭᠰᠠᠨ ᠬᠤᠭᠤᠯᠠᠢ ᠶᠢᠨ ᠲᠣᠣᠷ ᠢ | 92 ᠺᠢᠯᠤᠮᠧᠲᠷ ᠥᠭᠡᠷᠡᠴᠢᠯᠡᠨ ᠵᠠᠰᠠᠪᠠ᠃ ᠬᠠᠭᠤᠴᠢᠨ ᠰᠠᠭᠤᠭᠠᠯᠢ ᠲᠣᠭᠤᠷᠢᠭ ᠢ 17 ᠦᠭᠡᠷᠡᠴᠢᠯᠡᠵᠦ᠂ ᠭᠠᠵᠠᠷ | ᠰᠢᠷᠣᠢ ᠨᠡᠭᠡᠭᠡᠨ ᠠᠰᠢᠭᠯᠠᠭᠰᠠᠨ ᠲᠠᠯᠠᠪᠠᠢ ᠶᠢ ᠰᠢᠨ᠎ᠡ ᠪᠠᠷ 55 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠪᠡ᠃ | ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 15 ᠬᠡᠷᠡᠭᠵᠢᠭᠦᠯᠵᠦ᠂ ᠲᠣᠰᠬᠤᠨ ᠤ | ᠲᠡᠰ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ 28 ᠬᠤᠪᠢᠶᠠᠷᠢᠯᠠᠪᠠ᠃ ᠬᠥᠳᠡᠭᠡ ᠲᠣᠰᠬᠤᠨ ᠤ | ᠨᠤᠷᠠᠬᠤ ᠠᠶᠤᠯᠲᠠᠶ ᠬᠡᠷ ᠪᠠᠶᠢᠰᠢᠩ ᠢ 81 ᠡᠷᠦᠬᠡ᠂ ᠡᠷᠦᠬᠡ ᠶᠢᠨ ᠵᠣᠷᠯᠣᠩ ᠢ 2450 ᠡᠷᠦᠬᠡ ᠥᠭᠡᠷᠡᠴᠢᠯᠡᠨ | ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠬᠤ ᠲᠥᠷᠥᠯ ᠵᠦᠢᠯ ᠢ 70 ᠬᠡᠷᠡᠭᠵᠢᠭᠦᠯᠵᠦ᠂ ︽ᠬᠤᠶᠠᠷ ᠦᠨᠳᠦᠷ ᠪᠠᠶᠢᠬᠤ︾ ᠬᠠᠷᠠᠯᠲᠠ ᠶᠢ | ᠤᠷᠤᠭᠰᠢᠲᠠᠢ ᠪᠡᠶᠡᠯᠡᠭᠦᠯᠪᠡ᠃ ᠥᠪᠥᠷ ᠮᠣᠩᠭᠤᠯ ᠤᠨ ᠤᠰᠤ ᠬᠠᠩᠭᠠᠬᠤ ᠲᠦᠩᠯᠢᠶᠣᠤ ᠶᠢᠨ ᠰᠠᠯᠪᠤᠷᠢ ᠱᠤᠭᠤᠮ ᠤᠨ | ᠢᠨᠵᠧᠨᠧᠷᠢᠩ ︵ᠨᠠᠢᠮᠠᠨ ᠤ ᠬᠡᠰᠡᠭ︶ ᠤᠨ ᠬᠤᠭᠤᠯᠠᠶ ᠶᠢᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ | ᠠᠭᠤᠯᠠᠨ ᠦᠶᠡᠷ ᠤᠨ ᠭᠤᠤ ᠶᠢ 4 ᠵᠤᠷᠪᠤᠰ ᠵᠠᠰᠠᠪᠠ︔ 66 ᠺᠢᠯᠤᠸᠠᠲ ᠤᠨ ᠴᠠᠬᠢᠯᠭᠠᠨ ᠬᠤᠪᠢᠰᠬᠠᠬᠤ ᠥᠷᠲᠡᠭᠡ | ᠶᠢ 3 ᠥᠭᠡᠷᠡᠴᠢᠯᠡᠨ ᠥᠷᠭᠡᠳᠬᠡᠨ ᠪᠠᠶᠢᠭᠤᠯᠵᠤ᠂ 10 ᠺᠢᠯᠤᠸᠠᠲ ᠤᠨ ᠱᠤᠭᠤᠮ ᠢ ᠰᠢᠨ᠎ᠡ ᠪᠠᠷ 245 ᠺᠢᠯᠤᠮᠧᠲᠷ | ᠪᠠᠶᠢᠭᠤᠯᠤᠨ ᠥᠭᠡᠷᠡᠴᠢᠯᠡᠵᠦ᠂ ᠴᠠᠬᠢᠯᠭᠠᠨ ᠬᠠᠩᠭᠠᠬᠤ ᠴᠢᠳᠠᠪᠤᠷᠢ ᠶᠢ 8.5 ᠲᠦᠮᠡᠨ ᠺᠢᠯᠤᠸᠠᠲ ᠠᠮᠫᠧᠷ ᠰᠢᠨ᠎ᠡ ᠪᠠᠷ | ᠨᠡᠮᠡᠭᠳᠡᠭᠦᠯᠪᠡ᠃ ᠪᠤᠭᠲᠤ ᠵᠢᠭᠤᠯᠴᠢᠯᠠᠯ ᠤᠨ ᠵᠠᠰᠠᠮᠠᠯ ᠵᠠᠮ ᠲᠡᠷᠭᠡ ᠨᠡᠪᠲᠡᠷᠡᠭᠦ ᠨᠦᠭᠦᠴᠡᠯ ᠳᠤ ᠨᠡᠶᠢᠴᠡᠪᠡ᠃ 5G | ᠰᠠᠭᠤᠷᠢ ᠥᠷᠲᠡᠭᠡ ᠶᠢ ᠰᠢᠨ᠎ᠡ ᠪᠠᠷ 79 ᠰᠠᠭᠤᠷᠢ ᠪᠠᠶᠢᠭᠤᠯᠵᠤ᠂ ᠭᠤᠤᠯ ᠬᠤᠲᠠ ᠲᠣᠭᠤᠷᠢᠭ ᠤᠨ 5G | ᠰᠦᠯᠵᠢᠶᠡᠨ ᠤ ᠨᠡᠪᠲᠡᠷᠡᠭᠰᠡᠨ ᠨᠣᠷᠮ᠎ᠠ ᠪᠥᠬᠦ ᠬᠤᠲᠠ ᠶᠢᠨ ᠳᠤᠮᠳᠠᠴᠢ ᠲᠦᠪᠰᠢᠨ ᠠᠴᠠ ᠥᠨᠳᠥᠷ ᠪᠣᠯᠪᠠ᠃ | —— ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠪᠡ᠃ ᠪᠦᠬᠦ ᠵᠢᠯ ᠤᠨ ᠠᠷᠠᠳ ᠤᠨ | ᠠᠮᠢᠳᠤᠷᠠᠯ ᠤᠨ ᠵᠠᠷᠤᠯᠭ᠎ᠠ 48.3 ᠳ᠋ᠦᠩᠰᠢᠭᠤᠷ ᠲᠥᠭᠦᠷᠢᠭ ᠲᠤ ᠬᠦᠷᠴᠦ᠂ 10.9% ᠪᠠᠷ ᠨᠡᠮᠡᠭᠳᠡᠵᠦ᠂ ᠡᠩ ᠤᠨ | ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 82% ᠢ ᠡᠵᠡᠯᠡᠪᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢ 1845 ᠨᠡᠭᠡᠭᠡᠨ ᠬᠥᠭᠵᠢᠭᠦᠯᠵᠦ᠂ ᠬᠤᠲᠠ ᠪᠠᠯᠭᠠᠰᠤᠨ ᠤ ᠠᠵᠢᠯ ᠤᠯᠤᠭᠰᠠᠨ ᠬᠦᠮᠦᠨ ᠤ | ᠲᠤᠭ᠎ᠠ 2064 ᠪᠠᠷ ᠨᠡᠮᠡᠭᠳᠡᠨ᠂ ᠮᠠᠯᠴᠢᠨ ᠲᠠᠷᠢᠶᠠᠴᠢᠨ ᠢ 6.1 ᠲᠦᠮᠡ ᠰᠢᠯᠵᠢᠭᠦᠯᠦᠨ ᠠᠵᠢᠯ ᠣᠯᠭᠤᠪᠠ᠃ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠬᠦ 7 ᠲᠥᠷᠥᠯ ᠵᠦᠢᠯ ᠢ ᠬᠡᠷᠡᠭᠵᠢᠭᠦᠯᠵᠦ᠂ | ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ 2 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ ᠦᠭᠡᠷᠴᠢᠯᠡᠨ᠂ | ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠳᠡᠯᠡᠬᠡᠶ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ ᠮᠥᠩᠭᠦᠨ ᠮᠧᠳᠠᠯ ᠪᠠ ᠬᠦᠷᠡᠯ ᠱᠠᠩᠨᠠᠯ ᠢ | ᠭᠥᠷᠳᠡᠵᠦ᠂ ᠪᠦᠬᠦ ᠬᠤᠲᠠᠨ ᠳᠤ ᠡᠩ ᠲᠡᠷᠢᠭᠦᠨ ᠳᠤ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ | ᠰᠦᠯᠵᠢᠶ᠎ᠡ ᠶᠢ ᠪᠠᠶᠢᠭᠤᠯᠵᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠬᠡᠷᠡᠭᠯᠡᠭᠡᠨ ᠤ ᠵᠢᠱᠢᠶ᠎ᠡ | ᠦᠵᠡᠭᠦᠯᠬᠦ ᠰᠤᠷᠭᠠᠭᠤᠯᠢ ᠶᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶ᠎ᠡ ᠶᠢ 9 ᠡᠭᠦᠳᠦᠨ ᠪᠠᠶᠢᠭᠤᠯᠪᠠ᠃ ᠨᠠᠢᠮᠠᠨ ᠤ ᠲᠠᠮᠢᠷᠴᠢᠳ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ | ᠪᠠᠭᠠᠴᠤᠳ ᠤᠨ ᠬᠦᠨᠳᠦ ᠬᠥᠩᠭᠡᠨ ᠲᠠᠮᠢᠷ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠱᠠᠩᠨᠠᠯ ᠤᠨ ᠮᠧᠳᠠᠯ ᠢ | 23 ᠣᠯᠵᠠᠢ᠃ ᠰᠢᠨ ᠵᠧᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠰᠢᠨ᠎ᠡ ᠰᠠᠭᠤᠴᠠ ᠳᠤ ᠨᠡᠭᠦᠨ ᠣᠷᠣᠵᠤ᠂ | ᡁᠢ ᠠᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠭᠤᠤᠯ ᠴᠤᠭᠴᠠ ᠶᠢᠨ ᠠᠵᠢᠯ | ᠳᠠᠭᠤᠰᠴᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠦᠩᠭᠡᠷᠡᠭᠦᠯᠪᠡ᠃ ᠴᠧᠨ ᠭᠦᠸᠧ | ᠭᠦᠩᠵᠦ ᠶᠢᠨ ᠣᠩᠭᠤᠨ ᠤ ᠬᠠᠨ᠎ᠠ ᠶᠢᠨ ᠵᠢᠷᠤᠭ ᠢ ᠬᠠᠮᠠᠭᠠᠯᠠᠬᠤ ᠰᠡᠯᠪᠢᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ | ᠂ ᠬᠤᠰᠢᠭᠤᠨ ᠤ ᠨᠣᠮ ᠤᠨ ᠰᠠᠩ ᠨᠢ ᠪᠦᠬᠦ ᠤᠯᠤᠰ ᠤᠨ ᠦᠨᠳᠦᠰᠦᠨ ᠱᠠᠲᠤᠨ ᠤ ᠣᠯᠠᠨ ᠨᠡᠶᠢᠲᠡ ᠶᠢᠨ | ᠤᠩᠰᠢᠯᠭ᠎ᠠ ᠶᠢ ᠳᠡᠯᠭᠡᠷᠡᠭᠦᠯᠬᠦ ᠲᠥᠷᠥᠯ ᠵᠦᠢᠯ ᠤᠨ ᠨᠢᠭᠡᠴᠢ ᠪᠠᠷ ᠦᠨᠡᠯᠡᠭᠳᠡᠵᠦ᠂ ᠴᠢᠩ ᠯᠦᠩ ᠱᠠᠨ ᠤ ᠰᠧ ᠢ | ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ | ᠪᠠᠯᠭᠠᠰᠤ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠵᠤ᠂ ᠮᠠᠨ ᠤ ᠬᠤᠰᠢᠭᠤ ᠠᠩᠬᠠᠳᠠᠭᠴᠢ ᠪᠦᠯᠦᠭ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠲᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ᠃ ᠰᠢᠨ᠎ᠡ ᠪᠠᠷ ᠣᠷᠣᠨ ᠪᠦᠰᠡ ᠶᠢᠨ ᠨᠠᠰᠤᠵᠢᠯ ᠤᠨ | ᠦᠢᠯᠡᠴᠢᠯᠡᠭᠡᠨ ᠤ ᠲᠥᠪ ᠢ 4 ᠪᠠᠶᠢᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ | ᠶᠢ 100 ᠦᠭᠡᠷᠡᠴᠯᠡᠨ ᠪᠠᠶᠢᠭᠤᠯᠪᠠ᠃ ᠰᠢᠨ᠎ᠡ ᠪᠠᠷ ᠨᠢᠯᠬ᠎ᠠ ᠬᠡᠦᠬᠡᠳ ᠤᠨ ᠣᠷᠣ ᠶᠢ 340 ᠨᠡᠮᠡᠭᠳᠡᠭᠦᠯᠵᠦ᠂ | ᠮᠢᠩᠭᠠᠨ ᠬᠥᠮᠦᠨ ᠠᠮᠠ ᠲᠠᠢ ᠨᠢᠯᠬ᠎ᠠ ᠬᠡᠦᠬᠡᠳ ᠤᠨ ᠣᠷᠣ ᠶᠢᠨ ᠲᠤᠭ᠎ᠠ ᠶᠢ 4.64 ᠪᠣᠯᠭᠠᠵᠤ᠂ ᠪᠦᠬᠦ ᠤᠯᠤᠰ ᠤᠨ | ᠳᠤᠮᠳᠠᠴᠢ ᠬᠢᠷᠢ ᠲᠦᠪᠰᠢᠨ ᠠᠴᠠ ᠥᠨᠳᠥᠷ ᠪᠤᠯᠪᠠ᠃ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ 94.6% ᠪᠠ 96.3% ᠳᠤ ᠬᠥᠷᠪᠡ᠃ ︽ᠪᠦᠷᠢᠨ | ᠴᠢᠳᠠᠮᠵᠢᠲᠦ ᠺᠠᠷᠲ︾ ᠤᠨ ᠨᠥᠬᠦᠪᠥᠷᠢ ᠪᠡᠯᠡ ᠮᠥᠩᠭᠦ ᠶᠢ 8.4 ᠳ᠋ᠦᠩᠰᠢᠭᠤᠷ ᠲᠥᠭᠦᠷᠢᠭ ᠲᠠᠷᠬᠠᠭᠠᠪᠠ᠃ | —— ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨ ᠪᠤᠯᠪᠠ᠃ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠤᠯᠪᠠ᠃ ᠠᠷᠭ᠎ᠠ | ᠪᠦᠬᠦᠨ ᠢ ᠰᠦᠪᠡᠭᠴᠢᠯᠡᠨ ᠣᠨ ᠤ ᠥᠷᠢ ᠰᠢᠷᠢ ᠠᠷᠢᠯᠭᠠᠬᠤ ᠡᠭᠦᠷᠭᠡ ᠪᠠᠨ ᠪᠡᠶᠡᠯᠡᠭᠦᠯᠵᠦ᠂ ᠠᠶᠤᠯ ᠲᠦᠭᠰᠢᠭᠦᠷᠢ | ᠶᠡᠬᠡᠲᠡᠶ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠥᠳᠡᠯᠦᠩᠭᠦᠶ ᠪᠠᠷ ᠦᠭᠡᠶᠢᠰᠭᠡᠵᠦ᠂ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ | ᠪᠡᠶᠡᠯᠡᠭᠦᠯᠦᠭᠰᠡᠨ ᠨᠣᠷᠮ᠎ᠠ ᠪᠥᠬᠦ ᠬᠤᠲᠠ ᠶᠢᠨ ᠲᠡᠷᠢᠭᠦᠨ ᠳᠤ ᠣᠷᠣᠵᠤ᠂ ᠪᠦᠬᠦ ᠬᠤᠰᠢᠭᠤᠨ ᠤ ᠪᠠᠩᠬᠢ ᠶᠢᠨ | ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠨᠣᠷᠮ᠎ᠠ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ | ᠳᠤᠤᠷ᠎ᠠ ᠪᠣᠯᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠶᠡᠭᠡ ᠪᠠᠷ ᠬᠡᠷᠡᠭᠵᠢᠭᠦᠯᠵᠦ᠂ ᠵᠠᠬᠢᠳᠠᠯ | ᠰᠤᠷᠪᠤᠯᠵᠢᠯᠠᠯ ᠤᠨ ᠪᠦᠯᠦᠭ ᠤᠳᠠᠭ᠎ᠠ᠂ ᠬᠥᠮᠦᠨ ᠤᠳᠠᠭ᠎ᠠ ︽ᠬᠤᠣᠰ ᠪᠠᠭᠤᠷᠠᠯᠲᠠ︾ ᠲᠠᠢ ᠪᠤᠯᠪᠠ᠃ ᠢᠳᠡᠭᠡᠨ ᠪᠠ | ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠵᠢᠯ ᠳᠤ | ᠢᠳᠡᠭᠡᠨ ᠪᠠ ᠡᠮ ᠤᠨ ᠵᠦᠢᠯ ᠤᠨ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠶ᠃ ᠳᠣᠲᠣᠭᠠᠳᠤ ᠶᠢ | ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠱᠠᠭᠠᠷᠳᠠᠨ ᠰᠢᠢᠳᠪᠦᠷᠢᠯᠡᠭᠦᠯᠦᠭᠰᠡᠨ ᠬᠡᠷᠡᠭ ᠢ | 6 ᠢᠯᠡᠷᠡᠭᠦᠯᠵᠦ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠣᠷᠣᠨ ᠤ ᠬᠠᠤᠯᠢ ᠪᠠᠷ ᠵᠠᠰᠠᠬᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠳᠤᠪᠤᠶᠢᠮ᠎ᠠ ᠬᠢᠷᠢ ᠪᠦᠲᠦᠮᠵᠢ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠶᠠᠪᠤᠳᠠᠯ ᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠪᠠᠲᠤ ᠴᠡᠭᠡᠵᠢᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ | ᠢᠯᠡ ᠲᠣᠳᠣ ᠪᠦᠲᠦᠮᠵᠢᠲᠡᠢ ᠥᠷᠨᠢᠭᠦᠯᠵᠦ᠂ ︽ᠭᠤᠷᠪᠠᠨ ᠲᠥᠯᠥᠪᠯᠡᠭᠡ︾ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ | ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ | ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠠᠭᠤᠷ | ᠠᠮᠢᠰᠬᠤᠯ ᠢ ᠨᠡᠩ ᠥᠳᠬᠡᠨ ᠵᠤᠵᠠᠭᠠᠨ ᠪᠤᠯᠭᠠᠪᠠ᠃ | ᠨᠢᠭᠡ ᠵᠢᠯ ᠤᠨ ᠲᠤᠷᠰᠢ᠂ ᠪᠢᠳᠠ ᠲᠠᠰᠤᠷᠠᠯᠲᠠ ᠦᠭᠡᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ᠂ ᠴᠡᠷᠢᠭ ᠠᠷᠠᠳ ᠤᠨ | ᠠᠭᠤᠰᠤᠯᠴᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠪᠠ︔ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠷᠠᠳᠢᠣ᠋ ᠨᠡᠪᠲᠡᠷᠡᠭᠦᠯᠭᠡ | ᠲᠧᠯᠸᠢᠰ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠬᠥᠮᠦᠨ ᠠᠮᠠ ᠲᠥᠯᠥᠪᠯᠡᠭᠡᠲᠦ ᠦᠷᠡᠵᠢᠯ᠂ ᠪᠠᠶᠢᠭᠤᠯᠭ᠎ᠠ ᠶᠢᠨ | ᠶᠠᠪᠤᠳᠠᠯ᠂ ᠴᠠᠭ ᠠᠭᠤᠷ᠂ ᠭᠠᠵᠠᠷ ᠬᠥᠳᠡᠯᠦᠯᠲᠡ᠂ ᠬᠠᠩᠭᠠᠨ ᠪᠣᠷᠣᠯᠠᠭᠤᠯᠭ᠎ᠠ᠂ ᠰᠢᠦᠳᠠᠨ ᠤ ᠶᠠᠪᠤᠳᠠᠯ ᠵᠡᠷᠭᠡ ᠠᠵᠢᠯ | ᠰᠢᠨ᠎ᠡ ᠠᠮᠵᠢᠯᠲᠠ ᠣᠯᠪᠠ︔ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ᠂ ᠨᠢᠭᠦᠯᠡᠰᠦᠩᠭᠦᠢ | ᠦᠢᠯᠡᠰ ᠵᠡᠷᠭᠡ ᠦᠢᠯᠡᠰ ᠰᠢᠨ᠎ᠡ ᠬᠥᠭᠵᠢᠯᠲᠡ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠳᠤ ᠨᠠᠮ ᠢ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠥᠷᠨᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠲᠦᠩᠯᠢᠶᠤᠤ ᠬᠤᠲᠠ ᠶᠢᠨ ᠡᠯ᠎ᠡ ᠵᠦᠢᠯ ᠤᠨ ᠲᠣᠭᠤᠷᠢᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ᠂ ᠬᠢᠨᠠᠨ | ᠪᠤᠳᠤᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ︽ᠬᠤᠶᠠᠷ ᠢ ᠲᠣᠭᠲᠠᠭᠠᠬᠤ︾ ᠶᠢ ᠦᠨᠡᠨᠬᠦ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶᠡᠨ ᠳᠠᠬᠢ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠡᠶᠡᠯᠡᠭᠦᠯᠪᠡ | ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠪᠡᠶᠡᠯᠡᠭᠦᠯᠵᠦ᠂ ︽ᠭᠤᠷᠪᠠᠨ ᠣᠯᠠᠨ | ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ︽ᠳᠥᠷᠪᠡᠨ ᠰᠤᠷᠲᠠᠯ︾ | ᠢ ᠴᠥᠬᠦᠷᠡᠰᠢ ᠥᠬᠡᠶ ᠵᠠᠯᠠᠷᠠᠭᠤᠯᠤᠨ᠂ ᠰᠢᠨ᠎ᠡ ᠰᠤᠷᠲᠠᠯ ᠢ ᠪᠣᠶ ᠪᠣᠯᠭᠠᠵᠤ᠂ ᠤᠯᠤᠰ ᠲᠥᠷᠥ ᠶᠢᠨ ᠠᠮᠢ ᠠᠬᠤᠶ ᠶᠢ | ᠨᠡᠩ ᠢᠯᠡᠭᠦᠦ ᠲᠥᠪ ᠴᠢᠬᠡᠴᠢ ᠪᠤᠯᠭᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠬᠤᠰᠢᠭᠤᠨ ᠤ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ | ᠰᠠᠨᠠᠯ ᠢ ᠬᠢᠨᠠᠮᠠᠭᠠᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ 29 ᠬᠤᠪᠢ ᠰᠠᠨᠠᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ 88 ᠬᠤᠪᠢ ᠰᠠᠨᠠᠯ ᠵᠥᠪᠯᠡᠯᠭᠡ ᠶᠢ ᠰᠢᠢᠳᠪᠦᠷᠢᠯᠡᠵᠦ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ᠂ ᠬᠦᠴᠦᠨ ᠴᠢᠳᠠᠪᠤᠷᠢ ᠪᠦᠬᠦᠢ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ | ᠣᠷᠳᠣᠨ ᠤ ᠪᠠᠶᠢᠭᠤᠯᠤᠯᠲᠠ ᠰᠢᠨ᠎ᠡ ᠠᠬᠢᠴᠠ ᠲᠠᠢ ᠪᠤᠯᠪᠠ᠃ | ᠲᠥᠯᠥᠭᠡᠯᠡᠭᠴᠢᠳ ᠡ︕ ᠨᠢᠭᠡ ᠵᠢᠯ ᠤᠨ ᠲᠡᠮᠡᠴᠡᠯ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠨᠢᠭᠡ ᠵᠢᠯ ᠤᠨ | ᠠᠮᠵᠢᠯᠲᠠ ᠪᠦᠲᠦᠮᠵᠢ ᠬᠤᠪᠤᠷ ᠨᠠᠨᠳᠢᠨ ᠪᠠᠶᠢᠨ᠎ᠠ᠃ ᠣᠯᠤᠭᠰᠠᠨ ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠶᠢ | ᠶᠡᠷᠦᠩᠬᠡᠶᠢᠯᠡᠨ ᠵᠢᠯᠣᠭᠤᠳᠴᠤ᠂ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ | ᠳᠡᠮᠵᠢᠯᠭᠡ᠂ ᠪᠦᠲᠦᠮᠵᠢᠲᠡᠶ ᠬᠢᠨᠠᠯᠲᠠ ᠶᠢᠨ ᠦᠷ᠎ᠡ ᠳ᠋ᠦᠩ ᠮᠥᠨ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ | ᠺᠠᠳ᠋ᠷ ᠣᠯᠠᠨ ᠲᠦᠮᠡᠨ ᠤ ᠰᠡᠳᠬᠢᠯ ᠨᠢᠭᠡᠳᠦᠨ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠡᠯ᠎ᠡ ᠠᠵᠢᠯ ᠤᠨ ᠪᠠᠶᠢᠷᠢ ᠳᠡᠭᠡᠷ᠎ᠡ ᠪᠠᠨ ᠰᠢᠷᠭᠠᠭᠤ | ᠠᠵᠢᠯᠯᠠᠵᠤ᠂ ᠬᠠᠷᠠᠮ ᠥᠬᠡᠶ ᠵᠢᠳᠬᠦᠵᠦ ᠪᠠᠶᠢᠭ᠎ᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠵᠠᠰᠠᠭ ᠤᠨ | ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ᠂ ᠨᠡᠶᠢᠭᠡᠮ ᠤᠨ ᠠᠮᠤᠷ ᠲᠣᠭᠲᠠᠭᠤᠨ ᠢ ᠰᠠᠬᠢᠨ ᠬᠠᠮᠠᠭᠠᠯᠠᠵᠤ | ᠪᠠᠶᠢᠭ᠎ᠠ ᠨᠠᠢᠮᠠᠨ ᠳᠤ ᠰᠠᠭᠤᠭ᠎ᠠ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠵᠢᠯᠣᠭᠤᠳᠣᠭᠴᠢ ᠪᠠᠶᠢᠯᠳᠤᠭᠴᠢ᠂ ᠨᠠᠢᠮᠠᠨ ᠤ ᠬᠥᠭᠵᠢᠯᠲᠡ ᠶᠢ | ᠬᠠᠯᠠᠮᠵᠢᠯᠠᠨ ᠳᠡᠮᠵᠢᠵᠦ ᠪᠠᠶᠢᠭ᠎ᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠥᠬᠦᠳ ᠪᠣᠯᠤᠨ | ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠬᠠᠮᠲᠤ ᠪᠢᠳᠡ᠄ ᠮᠠᠨ ᠤ ᠬᠤᠰᠢᠭᠤᠨ ᠤ ᠬᠥᠭᠵᠢᠭᠡᠳᠦᠶ | ᠦᠨᠳᠦᠰᠦᠨ ᠬᠤᠰᠢᠭᠤᠨ ᠤ ᠪᠠᠶᠢᠳᠠᠯ ᠢ ᠪᠠᠰᠠ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠬᠥᠭᠵᠢᠯᠲᠡ | ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ ᠠᠰᠠᠭᠤᠳᠠᠯ ᠮᠥᠨ ᠬᠦ ᠲᠣᠪᠤᠶᠢᠮ᠎ᠠ ᠪᠠᠶᠢᠨ᠎ᠠ︔ ᠰᠢᠶᠠᠨ ᠤ | ᠬᠡᠪᠴᠢᠶᠡᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠠᠬᠤᠶ ᠶᠢᠨ ᠠᠵᠢᠯᠯᠠᠭᠠᠨ ᠳᠤ ᠵᠠᠷᠢᠮ ᠰᠢᠨ᠎ᠡ | ᠪᠠᠶᠢᠳᠠᠯ᠂ ᠰᠢᠨ᠎ᠡ ᠠᠰᠠᠭᠤᠳᠠᠯ ᠢᠯᠡᠷᠡᠵᠦ ᠪᠠᠶᠢᠨ᠎ᠠ︔ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠤᠶᠠᠨ | ᠬᠠᠳᠠᠨᠴᠢ ᠴᠢᠨᠠᠷ ᠴᠢᠩᠭ᠎ᠠ᠂ ᠦᠢᠯᠡᠳᠪᠦᠷᠢᠯᠡᠯ ᠤᠨ ᠴᠢᠳᠠᠪᠤᠷᠢ ᠶᠢ ᠰᠤᠯᠠᠯᠠᠵᠤ ᠭᠠᠷᠭᠠᠭᠰᠠᠨ ᠨᠢ ᠭᠦᠢᠴᠡᠳ ᠪᠤᠰᠤ᠂ | ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠭᠤᠷᠠᠶ ᠪᠠᠶᠢᠨ᠎ᠠ︔ ᠴᠢᠬᠤᠯᠠ ᠶᠡᠭᠡ ᠲᠥᠷᠥᠯ ᠵᠦᠢᠯ ᠢ | ᠲᠥᠰᠦᠪᠯᠡᠨ ᠨᠥᠭᠡᠴᠡᠯᠡᠬᠦ᠂ ᠣᠷᠣᠭᠤᠯᠤᠨ ᠠᠪᠴᠢᠷᠠᠬᠤ ᠪᠠᠷ ᠴᠢᠷᠮᠠᠶᠢᠬᠤ ᠳᠤ ᠳᠤᠲᠠᠭᠤᠳᠠᠯ ᠣᠷᠣᠰᠢᠵᠤ᠂ ᠪᠡᠯᠡ | ᠣᠷᠣᠭᠤᠯᠤᠯᠲᠠ ᠶᠢᠨ ᠨᠥᠭᠡᠴᠡ ᠬᠦᠴᠦᠨ ᠢ ᠪᠠᠳᠠᠷᠠᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠲᠣᠪᠤᠶᠢᠮ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ | ᠠᠬᠤᠶ ᠶᠢᠨ ᠣᠷᠴᠢᠨ ᠲᠣᠭᠤᠷᠢᠨ᠂ ᠦᠨᠳᠦᠰᠦᠨ ᠱᠠᠲᠤᠨ ᠤ ᠵᠠᠰᠠᠯᠲᠠ ᠵᠡᠷᠭᠡ ᠬᠦᠷᠢᠶᠡᠨ ᠳᠤ ᠪᠠᠰᠠ ᠪᠠᠭᠤᠷᠠᠶ ᠲᠠᠯ᠎ᠠ | ᠣᠷᠣᠰᠢᠵᠤ ᠪᠠᠶᠢᠨ᠎ᠠ︔ ᠴᠥᠭᠡᠨ ᠲᠣᠭᠠᠨ ᠤ ᠺᠠᠳ᠋ᠷᠴᠤᠳ ᠬᠥᠭᠵᠢᠯᠲᠡ ᠶᠢ ᠡᠷᠢᠯᠬᠢᠯᠡᠬᠦ᠂ ᠬᠥᠭᠵᠢᠯᠲᠡ ᠶᠢ | ᠠᠬᠢᠭᠤᠯᠬᠤ ᠲᠠᠯ᠎ᠠ ᠪᠠᠷ ᠰᠡᠳᠬᠢᠴᠡ ᠠᠭᠤᠳᠠᠮᠴᠢ ᠪᠤᠰᠤ᠂ ᠴᠢᠳᠠᠪᠤᠷᠢ ᠬᠦᠷᠦᠯᠴᠡᠬᠦ ᠦᠭᠡᠢ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ᠂ ᠦᠢᠯᠡ ᠶᠠᠪᠤᠳᠠᠯ ᠢ ᠪᠦᠲᠦᠭᠡᠬᠦ ᠵᠣᠷᠢᠭ ᠰᠠᠨᠠᠭ᠎ᠠ ᠲᠤᠲᠠᠮᠠᠭ᠂ ︽ᠤᠳᠠᠭᠠᠨ ᠪᠦᠳᠦᠭᠦᠯᠢᠭ | ᠬᠡᠶᠢᠰᠪᠦᠷᠢ︾ ᠵᠡᠷᠭᠡ ᠠᠰᠠᠭᠤᠳᠠᠯ ᠮᠥᠨ ᠣᠷᠣᠰᠢᠭᠰᠠᠭᠠᠷ ᠪᠠᠶᠢᠬᠤ ᠶᠢ ᠰᠡᠷᠭᠡᠭ ᠢᠶᠠᠷ ᠤᠯᠵᠤ ᠬᠠᠷᠠᠬᠤ ᠬᠡᠷᠡᠭᠲᠡᠢ᠃ | ᠡᠭᠦᠨ ᠳᠤ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠦᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠬᠡᠷᠡᠭᠲᠡᠢ᠃ | ᠬᠤᠶᠠᠷ᠂ 2025 ᠣᠨ ᠤ ᠭᠤᠣᠯᠳᠠᠯᠭ᠎ᠠ ᠲᠠᠢ ᠠᠵᠢᠯ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠬᠢᠬᠦ | ᠵᠢᠯ ᠪᠣᠯᠤᠨ᠎ᠠ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠢᠭᠡ ᠭᠤᠤᠯ | ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ︽ᠵᠢᠷᠭᠤᠭᠠᠨ ᠠᠵᠢᠯᠯᠠᠭ᠎ᠠ︾ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ | ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ | ᠰᠡᠭᠦᠯᠴᠢ ᠶᠢᠨ ︽ᠮᠢᠩᠭᠠᠨ ᠳ᠋ᠦᠩᠰᠢᠭᠤᠷ︾ ᠬᠦᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠨᠠᠢᠮᠠᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠪᠠᠷ ᠨᠡᠮᠡᠭᠳᠡᠭᠦᠯᠦᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 20% ᠤᠷᠴᠢᠮ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠠᠴᠠ ᠳᠡᠭᠡᠭᠰᠢ ᠨᠡᠮᠡᠭᠳᠡᠭᠦᠯᠦᠨ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 6% ᠤᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 4% ᠠᠴᠠ ᠳᠡᠭᠡᠭᠰᠢ ᠨᠡᠮᠡᠭᠳᠡᠭᠦᠯᠦᠨ᠂ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ | 6% ᠪᠠ 7% ᠤᠷᠴᠢᠮ ᠨᠡᠮᠡᠭᠳᠡᠭᠦᠯᠦᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠳᠡᠭᠡᠷ᠎ᠡ | ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠃ | ︵ᠨᠢᠭᠡ︶ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠤᠨ᠎ᠠ᠃ ᠪᠡᠯᠡ | ᠣᠷᠣᠭᠤᠯᠤᠯᠲᠠ᠂ ᠬᠡᠷᠡᠭᠯᠡᠭᠡ᠂ ᠭᠠᠳᠠᠭᠠᠳᠤ ᠭᠠᠷᠭᠠᠯᠲᠠ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠳᠣᠲᠣᠭᠠᠳᠤ | ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠨ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠦᠬᠦ | ᠬᠦᠴᠦᠨ ᠢᠶᠠᠷ ᠢᠶᠠᠨ ᠥᠷᠭᠡᠳᠬᠡᠵᠦ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠪᠡᠯᠡ ᠣᠷᠣᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ︽ᠲᠥᠷᠥᠯ | ᠵᠦᠢᠯ ᠢᠶᠠᠷ ᠭᠤᠣᠯ ᠪᠣᠯᠭᠠᠬᠤ᠂ ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ︾ ᠶᠢ ᠪᠠᠷᠢᠮᠲᠠᠯᠠᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 56 ᠬᠡᠷᠡᠭᠵᠢᠭᠦᠯᠵᠦ᠂ 65 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ ᠶᠢ ᠨᠢᠭᠡᠳᠦᠯᠲᠡᠶ ᠲᠦᠯᠦᠪᠯᠡᠵᠦ᠂ ᠲᠥᠷᠥᠯ ᠵᠦᠢᠯ ᠢ ᠲᠥᠰᠦᠪᠯᠡᠨ | ᠨᠥᠭᠡᠴᠡᠯᠡᠬᠦ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠠᠶᠢᠩᠭᠤᠵᠢᠭᠤᠯᠤᠨ ᠳᠠᠭᠠᠵᠤ ᠲᠡᠮᠡᠴᠡᠨ ᠣᠯᠵᠤ᠂ 20 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠢ ᠵᠡᠷᠭᠡ ᠬᠦᠭᠵᠢᠭᠰᠡᠨ ᠭᠠᠵᠠᠷ ᠣᠷᠣᠨ ᠤ | ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠥᠪᠥᠷ ᠮᠣᠩᠭᠤᠯ ᠤᠨ ᠵᠡᠭᠦᠨ | ᠬᠡᠰᠡᠭ ᠤᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠳᠤ ᠲᠦᠷᠭᠡᠨ ᠠᠭᠤᠰᠤᠯᠴᠠᠭᠤᠯᠤᠨ᠎ᠠ᠃ ᠪᠦᠬᠦ ᠵᠢᠯ ᠳᠤ | ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 80 ᠤᠷᠤᠭᠤᠯᠤᠨ ᠠᠪᠴᠢᠷᠠᠬᠤ ᠪᠠᠷ ᠴᠢᠷᠮᠠᠶᠢᠨ᠂ | ᠠᠵᠢᠯ ᠡᠬᠢᠯᠡᠭᠦᠯᠬᠦ ᠨᠣᠷᠮ᠎ᠠ ᠶᠢ 70% ᠠᠴᠠ ᠲᠡᠭᠡᠭᠰᠢ ᠳᠤ ᠬᠦᠷᠦᠭᠦᠯᠵᠦ᠂ ᠪᠤᠳᠠᠲᠠᠶᠢᠵᠢᠭᠤᠯᠤᠭᠰᠠᠨ ᠪᠠᠯᠠ | ᠮᠥᠩᠭᠦ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠭᠠᠵᠠᠷ ᠤᠨ ᠲᠠᠰ ᠤᠨ ᠤᠳᠤᠷᠢᠳᠤᠯᠭ᠎ᠠ ᠠᠵᠤ | ᠠᠬᠤᠶᠢᠯᠠᠯ ᠲᠠᠢ ᠬᠠᠷᠢᠯᠴᠠᠬᠤ᠂ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠲᠦᠷᠢᠮ ᠢ ᠴᠢᠩᠭ᠎ᠠ ᠭᠡᠷᠡᠭᠵᠢᠭᠦᠯᠦᠨ᠂ | ᠪᠥᠬᠦ ᠡᠯᠧᠮᠧᠨ᠋ᠲ ᠤᠨ ᠪᠠᠲᠤᠯᠠᠭ᠎ᠠ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ | ᠬᠡᠯᠬᠢᠶ᠎ᠡ ᠶᠢ ᠪᠣᠶ ᠪᠣᠯᠭᠠᠵᠤ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ︽ᠰᠠᠨᠠᠭᠠᠴᠢᠯᠠᠭᠠᠲᠤ ᠳᠠᠶᠢᠯᠠᠯᠳᠤᠭᠠᠨ | ︾ ︽ᠠᠮᠵᠢᠯᠲᠠ ᠤᠯᠬᠤ ᠳᠠᠶᠢᠯᠠᠯᠳᠤᠭᠠᠨ︾ ᠢ ᠰᠠᠶᠢᠲᠤᠷ ᠬᠢᠨ᠎ᠠ᠃ | ᠬᠡᠷᠡᠭᠯᠡᠭᠡ ᠶᠢᠨ ᠲᠦᠷᠭᠡᠨ ᠰᠡᠷᠭᠦᠬᠦ ᠶᠢ ᠠᠬᠢᠭᠤᠯᠤᠨ᠎ᠠ᠃ ᠬᠡᠷᠡᠭᠯᠡᠭᠡ ᠶᠢ ᠬᠥᠭᠵᠢᠭᠡᠬᠦ ᠲᠤᠰᠬᠠᠶ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ | ᠪᠤᠳᠤᠯᠭ᠎ᠠ ᠶᠢ ᠬᠦᠴᠦᠯᠡᠨ ᠥᠷᠭᠡᠳᠬᠡᠵᠦ᠂ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢ ᠬᠦᠴᠦᠯᠡᠨ | ᠳᠡᠭᠡᠭᠰᠢᠯᠡᠭᠦᠯᠵᠦ᠂ ᠪᠦᠬᠦ ᠵᠢᠯ ᠳᠤ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ 500 ᠰᠤᠯᠢᠬᠤ᠂ ᠭᠡᠷ ᠤᠨ | ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ 1 ᠲᠦᠮᠡᠨ ᠰᠠᠭᠤᠷᠢ ᠰᠣᠯᠢᠬᠤ᠂ ᠭᠡᠷ ᠤᠨ ᠲᠤᠨᠤᠭᠯᠠᠯ | ᠲᠤᠭᠤᠭᠠᠨ ᠭᠡᠷ ᠵᠤᠷᠯᠤᠩ ᠵᠡᠷᠭᠡ ᠦᠢᠯᠡᠳᠭᠦᠨ ᠢ ᠬᠠᠭᠤᠴᠢᠨ ᠢᠶᠠᠷ ᠰᠢᠨ᠎ᠡ ᠶᠢ 1 ᠲᠦᠮᠡᠨ ᠬᠤᠪᠢ ᠰᠤᠯᠢᠬᠤ ᠪᠠᠷ | ᠴᠢᠷᠮᠠᠶᠢᠨ᠎ᠠ᠃ ᠦᠢᠯᠡᠴᠢᠯᠡᠭᠡᠨ ᠤ ᠬᠡᠷᠡᠭᠯᠡᠭᠡ ᠶᠢ ᠦᠷᠬᠦᠯᠵᠢᠯᠡᠨ ᠥᠷᠭᠡᠳᠬᠡᠵᠦ᠂ ᠢᠳᠡᠭᠡᠨ ᠤᠮᠳᠠᠭᠠᠨ ᠬᠤᠨᠤᠭ | ᠪᠠᠭᠤᠳᠠᠯ᠂ ᠬᠡᠷ ᠠᠬᠤᠶ ᠶᠢᠨ ᠦᠢᠯᠡᠴᠢᠯᠡᠭᠡ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠵᠡᠷᠭᠡ ᠬᠡᠷᠡᠭᠯᠡᠭᠡᠨ ᠤ | ᠳᠠᠯᠳᠠ ᠬᠦᠴᠦᠨ ᠢ ᠠᠭᠤᠳᠠᠯᠵᠤ᠂ ᠰᠣᠶᠣᠯ ᠵᠤᠭ᠎ᠠ ᠴᠡᠩᠭᠡᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ | ᠰᠡᠯᠡᠭᠦᠴᠡᠯ ᠵᠢᠭᠤᠯᠴᠢᠯᠠᠯ ᠵᠡᠷᠭᠡ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠣᠭᠠᠴᠢᠯᠠᠭᠰᠠᠨ | ᠬᠡᠷᠡᠭᠯᠡᠭᠡ᠂ ᠪᠣᠬᠢᠷᠲᠤᠯ ᠥᠬᠡᠶ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ ᠬᠥᠭᠵᠢᠭᠦᠯᠦᠨ᠎ᠡ᠃ ︽ | ᠬᠠᠷᠠᠭᠠᠯᠵᠠᠯ ᠦᠵᠡᠭᠦᠯᠬᠦ ᠲᠦᠩᠯᠢᠶᠣᠣ · ᠵᠢᠷᠭᠠᠯ ᠡᠳ᠋ᠯᠡᠬᠦ ᠬᠡᠷᠡᠭᠯᠡᠭᠡ︾ ᠭᠡᠬᠦ ᠰᠢᠷᠢᠰ ᠠᠵᠢᠯᠯᠠᠭ᠎ᠠ ᠶᠢ 8 ᠲᠠᠯᠠᠪᠤᠷ | ᠤᠳᠠᠭ᠎ᠠ ᠠᠴᠠ ᠳᠡᠭᠡᠭᠰᠢ ᠤᠳᠠᠭ᠎ᠠ ᠡᠷᠬᠢᠯᠡᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠲᠤᠭᠲᠠᠯᠴᠠᠭ᠎ᠠ ᠶᠢᠨ | ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠬᠤᠳᠠᠯᠳᠤᠭᠠᠨ ᠤ ᠵᠡᠭᠡᠯᠢ ᠲᠣᠭᠤᠷᠢᠭ᠂ ᠬᠥᠳᠡᠭᠡ ᠲᠣᠰᠬᠤᠨ ᠤ | ᠴᠤᠭᠯᠠᠭ᠎ᠠ ᠮᠠᠶᠢᠮᠠᠶ᠂ ᠠᠷᠠᠳ ᠲᠤ ᠲᠥᠬᠦᠮ ᠦᠵᠡᠭᠦᠯᠬᠦ ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ | ᠳᠡᠯᠭᠡᠭᠦᠷ ᠢ ᠪᠣᠶ ᠪᠣᠯᠭᠠᠵᠤ᠂ ᠣᠯᠠᠨ ᠡᠰᠢᠴᠢᠯᠡᠭᠰᠡᠨ ᠬᠡᠷᠡᠭᠯᠡᠭᠡᠨ ᠤ ᠪᠠᠶᠢᠳᠠᠯ ᠢ ᠦᠷᠭᠡᠳᠭᠡᠨ᠎ᠡ᠃ ᠦᠢᠯᠡᠴᠢᠯᠡᠭᠡᠨ ᠤ | ᠬᠡᠷᠡᠭᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠩ ᠰᠢᠯᠢᠳᠡᠭ ᠬᠡᠷᠡᠭᠯᠡᠭᠡᠨ ᠤ ᠣᠷᠴᠢᠨ ᠲᠣᠭᠤᠷᠢᠨ ᠢ | ᠪᠤᠢ ᠪᠣᠯᠭᠠᠨ᠎ᠠ᠃ | ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ | ᠬᠥᠭᠵᠢᠯᠲᠡ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠤᠳᠤ ᠪᠠᠶᠢᠭ᠎ᠠ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠠᠯᠳᠠ ᠬᠦᠴᠦᠨ ᠢ ᠠᠭᠤᠳᠠᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠬᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠵᠡᠷᠭᠡ ᠲᠠᠯ᠎ᠠ ᠪᠠᠷ | ᠭᠠᠳᠠᠭᠠᠳᠤ ᠪᠡᠯᠡ ᠶᠢ ᠬᠡᠷᠡᠭᠯᠡᠬᠦ ᠬᠠᠷᠢᠴᠠᠯ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ ᠭᠤᠸᠠᠩᠵᠧᠦ ᠶᠢᠨ ᠠᠷᠠᠯᠵᠢᠶᠠᠨ ᠤ | ᠴᠤᠭᠯᠠᠭᠠᠨ ᠵᠡᠷᠭᠡ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠰᠣᠯᠢᠯᠴᠠᠭᠠᠨ ᠤ ᠠᠵᠢᠯᠯᠠᠭ᠎ᠠ ᠳᠤ | ᠣᠷᠣᠯᠴᠠᠭᠤᠯᠵᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠳ᠋ᠦᠩ ᠹᠠᠩ | ᠲᠠᠯᠠᠰᠲᠤ ᠴᠠᠬᠢᠭᠤᠷ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠵᠦ᠂ ᠠᠵᠤ ᠠᠬᠤᠶᠢᠯᠠᠯ ᠤᠨ ᠭᠠᠳᠠᠭᠰᠢ | ᠭᠠᠷᠬᠤ᠂ ᠵᠠᠬᠢᠶᠠᠯᠠᠭ᠎ᠠ ᠪᠠᠨ ᠨᠡᠮᠡᠭᠳᠡᠭᠦᠯᠬᠦ᠂ ᠵᠢᠱᠢᠯᠲᠡ ᠪᠠᠨ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠨ᠎ᠡ᠃ | ᠲᠦᠩᠯᠢᠶᠣᠤ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠲᠤ ᠲᠦᠰᠢᠭᠯᠡᠨ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ | ᠪᠣᠭᠤᠮᠲᠠ ᠪᠠᠷ ᠮᠡᠳᠡᠭᠦᠯᠵᠦ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠢ ᠣᠶᠢᠷ᠎ᠠ ᠬᠠᠪᠢ ᠳᠠᠭᠠᠨ | ᠭᠦᠢᠴᠡᠳᠭᠡᠬᠦ ᠶᠢ ᠳᠡᠮᠵᠢᠵᠦ᠂ ᠭᠠᠳᠠᠭᠰᠢᠯ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ | ᠭᠠᠳᠠᠭᠠᠳᠤ ᠠᠷᠠᠯᠵᠢᠶᠠᠨ ᠤ ᠠᠵᠢᠯ ᠤᠨ ᠠᠮᠵᠢᠯᠲᠠ ᠶᠢ ᠡᠭᠡᠭᠦᠯᠦᠨ ᠬᠤᠷᠢᠶᠠᠵᠤ ᠪᠦᠷᠢᠳᠬᠡᠬᠦ ᠶᠢ ᠠᠬᠢᠭᠤᠯᠤᠨ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 10% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ | ᠭᠤᠷᠪᠠᠨ ᠤᠳᠠᠭᠠᠨ ᠤ ᠠᠵᠤ ᠦᠢᠯᠡᠰ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠲᠦᠷᠭᠡᠳᠬᠡᠵᠦ᠂ ᠠᠵᠤ ᠦᠢᠯᠡᠰ | ᠤᠨ ᠪᠦᠯᠦᠭᠵᠢᠨ ᠬᠥᠭᠵᠢᠬᠦ ᠶᠢ ᠠᠬᠢᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ ᠲᠠᠰ | ᠳᠡᠪᠰᠢᠭᠦᠯᠬᠦ ᠶᠢ ᠪᠡᠶᠡᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ | ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ 36 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠯᠥᠪᠵᠢᠭᠦᠯᠦᠨ ᠪᠠᠶᠢᠭᠤᠯᠵᠤ᠂ ᠡᠷᠳᠡᠨᠢ ᠰᠢᠰᠢ ᠶᠢᠨ ᠨᠢᠭᠡᠴᠢ | ᠭᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ 30 ᠲᠦᠮᠡᠨ ᠮᠦ ᠨᠠᠶᠢᠳᠠᠪᠤᠷᠢᠭᠤᠯᠵᠤ᠂ ᠡᠷᠳᠡᠨᠢ ᠰᠢᠰᠢ ᠶᠢᠨ | ᠥᠨᠳᠥᠷ ᠤᠨᠠᠯᠲᠠ ᠲᠠᠢ ᠨᠢᠭᠲᠠ ᠲᠠᠷᠢᠬᠤ ᠮᠡᠷᠭᠡᠵᠢᠯ ᠢ 150 ᠲᠦᠮᠡᠨ ᠮᠦ ᠳᠡᠯᠭᠡᠷᠡᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ 130 ᠲᠦᠮᠡᠨ ᠮᠦ ᠬᠡᠷᠡᠭᠵᠢᠭᠦᠯᠵᠦ ᠂ 27 ᠳ᠋ᠦᠩᠰᠢᠭᠤᠷ | ᠵᠢᠩ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ︽ᠨᠠᠢᠮᠠᠨ ᠶᠡᠭᠡ ᠢᠨᠵᠧᠨᠧᠷᠢᠩ︾ ᠢ ᠨᠠᠶᠢᠳᠠᠪᠤᠷᠢᠵᠢᠭᠤᠯᠵᠤ᠂ ᠬᠤᠲᠠ ᠶᠢᠨ ᠲᠡᠰ ᠤᠨ ᠡᠭᠦᠯᠳᠡᠷ | ᠪᠤᠶᠢᠵᠢᠭᠤᠯᠬᠤ ᠭᠤᠣᠯ ᠲᠠᠯᠠᠪᠠᠢ ᠶᠢ 1 ᠪᠠᠶᠢᠭᠤᠯᠵᠤ᠂ ᠰᠢᠯᠢᠳᠡᠭ ᠡᠭᠦᠯᠳᠡᠷ ᠤᠨ ᠦᠨᠢᠶ᠎ᠡ ᠦᠷᠡᠵᠢᠭᠦᠯᠦᠨ | ᠪᠤᠶᠢᠵᠢᠭᠤᠯᠬᠤ ᠲᠠᠯᠠᠪᠠᠢ ᠶᠢ 4 ᠪᠠᠶᠢᠭᠤᠯᠵᠤ᠂ 22 ᠲᠦᠮᠡ ᠠᠴᠠ ᠳᠡᠭᠡᠭᠰᠢ ᠦᠨᠢᠶᠡᠨ ᠳᠤ ᠢᠴᠡᠭᠡᠯ ᠦᠷ᠎ᠡ ᠶᠢᠨ | ᠬᠡᠭᠡᠯᠲᠦᠭᠦᠯᠭᠡ ᠬᠢᠵᠦ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠯᠬᠤᠴᠠ ᠶᠢ ᠲᠦᠷᠭᠡᠳᠬᠡᠨ᠎ᠡ᠃ | ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠠᠯᠠᠪᠠᠶ ᠶᠢ 10 ᠪᠦᠲᠦᠭᠡᠨ ᠪᠠᠶᠢᠭᠤᠯᠵᠤ᠂ | ᠲᠦᠮᠡᠨ ᠲᠣᠯᠣᠭᠠᠶ ᠦᠬᠡᠷ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ ᠢ 2᠂ ᠮᠢᠩᠭᠠᠨ ᠲᠣᠯᠣᠭᠠᠶ ᠦᠬᠡᠷ | ᠪᠣᠷᠳᠣᠨ ᠲᠠᠷᠭᠤᠯᠠᠭᠤᠯᠬᠤ ᠲᠡᠵᠢᠭᠡᠨ ᠦᠷᠡᠵᠢᠭᠦᠯᠬᠦ ᠲᠠᠯᠠᠪᠠᠶ ᠶᠢ 3 ᠪᠤᠶᠢᠵᠢᠭᠤᠯᠵᠤ᠂ ᠲᠡᠵᠢᠭᠡᠨ ᠦᠷᠡᠵᠢᠭᠦᠯᠬᠦ | ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ 3 ᠪᠣᠶ ᠪᠣᠯᠭᠠᠵᠤ᠂ 55 ᠲᠦᠮᠡᠨ ᠲᠣᠯᠣᠭᠠᠶ ᠦᠬᠡᠷ ᠲᠡᠵᠢᠭᠡᠬᠦ ᠪᠠᠷ | ᠴᠢᠷᠮᠠᠶᠢᠨ᠎ᠠ᠃ ᠠᠯᠠᠰᠢᠨ ᠦᠬᠡᠷ ᠨᠢᠲᠤᠯᠵᠤ ᠡᠳ᠋ᠰᠢᠭᠦᠯᠦᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ | ᠵᠦᠢᠯ ᠢ 2 ᠬᠡᠷᠡᠭᠵᠢᠭᠦᠯᠵᠦ᠂ ᠬᠤᠷᠴᠢᠨ ᠤ ᠠᠯᠠᠰᠢᠨ ᠦᠬᠡᠷ ᠨᠢᠲᠤᠯᠬᠤ ᠲᠥᠷᠥᠯ ᠵᠦᠢᠯ ᠤᠨ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠨ᠎ᠠ᠃ 3.5 ᠲᠦᠮᠡᠨ ᠮᠠᠯ ᠨᠢᠳᠤᠯᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ︔ | ᠰᠢᠬᠢᠷᠯᠢᠭ ᠰᠢᠯᠦᠬᠡᠢ ᠡᠷᠳᠡᠨᠢ ᠰᠢᠰᠢ ᠶᠢ 5 ᠲᠦᠮᠡᠨ ᠮᠦ ᠲᠠᠷᠢᠵᠤ᠂ ᠰᠣᠷᠭᠤᠭ ᠢᠳᠡᠭᠡᠨ ᠤ ᠡᠷᠳᠡᠨᠢ ᠰᠢᠰᠢ ᠶᠢᠨ | ᠴᠢᠳᠠᠮᠵᠢ ᠶᠢ ᠥᠷᠭᠡᠳᠬᠡᠬᠦ ᠲᠥᠷᠥᠯ ᠵᠦᠢᠯ ᠢ 3 ᠬᠡᠷᠡᠭᠵᠢᠭᠦᠯᠵᠦ᠂ ᠦᠢᠯᠡᠳᠪᠦᠷᠢᠯᠡᠬᠦ ᠴᠢᠳᠠᠪᠤᠷᠢ ᠶᠢ 1 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠶᠢ ᠦᠨᠡᠨᠬᠦ ᠪᠠᠲᠤᠯᠠᠨ᠎ᠠ︔ ᠰᠢᠬᠢᠷᠯᠢᠭ ᠲᠥᠮᠥᠰᠥ ᠨᠥᠭᠡᠴᠡᠯᠡᠬᠦ ᠠᠷᠠᠯᠵᠢᠶᠠᠨ ᠤ | ᠲᠥᠪ ᠢ 2 ᠪᠠᠶᠢᠭᠤᠯᠵᠤ᠂ ᠠᠮᠲᠠᠲᠤ ᠲᠥᠮᠥᠰᠥ ᠲᠠᠷᠢᠬᠤ ᠲᠠᠯᠠᠪᠠᠢ ᠶᠢ 10 ᠲᠦᠮᠡᠨ ᠮᠦ ᠳᠠᠪᠠᠭᠤᠯᠬᠤ ᠪᠠᠷ | ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ | ᠪᠤᠶᠢᠵᠢᠭᠤᠯᠵᠤ᠂ ᠣᠢ ᠶᠢᠨ ᠵᠢᠮᠢᠰ᠂ ᠡᠮ ᠤᠨ ᠮᠠᠲ᠋ᠧᠷᠢᠶᠠᠯ᠂ ᠢᠳᠡᠰᠢᠨ ᠤ ᠮᠥᠭᠦ᠂ ᠡᠯᠳᠡᠪ ᠠᠮᠤ ᠪᠤᠷᠴᠠᠭ ᠵᠡᠷᠭᠡ | ᠣᠨᠴᠠᠯᠢᠭᠲᠤ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾᠂ | ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 4 ᠭᠡᠷᠡᠴᠢᠯᠡᠵᠦ᠂ ᠨᠠᠢᠮᠠᠨ ᠤ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃ | ᠠᠵᠤ ᠦᠢᠯᠡᠳᠪᠦᠷᠢ ᠶᠢᠨ ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠾᠧ | ᠢ ᠨᠢᠺᠧᠯ ᠲᠡᠮᠦᠷ ᠤᠨ ᠲᠣᠭᠲᠠᠭᠤᠨ ᠢᠶᠠᠷ ᠦᠢᠯᠡᠳᠪᠦᠷᠢᠯᠡᠬᠦ᠂ ᠵᠢᠩ ᠠᠨ ᠵᠢᠪᠡᠷᠡᠬᠦ ᠦᠭᠡᠢ ᠪᠣᠯᠣᠳ | ᠦᠢᠯᠡᠳᠪᠦᠷᠢᠯᠡᠬᠦ ᠴᠢᠳᠠᠪᠤᠷᠢ ᠪᠠᠨ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠵᠢᠪᠡᠷᠡᠬᠦ ᠦᠭᠡᠢ ᠪᠣᠯᠣᠳ ᠤᠨ | ᠬᠦᠢᠲᠡᠨ ᠢᠶᠠᠷ ᠬᠡᠪᠰᠢᠭᠦᠯᠬᠦ ᠦᠢᠯᠡᠳᠬᠦᠨ ᠤ ᠲᠥᠷᠥᠯ ᠵᠦᠢᠯ ᠢ 7 ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠵᠢᠪᠡᠷᠡᠬᠦ ᠦᠭᠡᠢ ᠪᠣᠯᠣᠳ ᠤᠨ ᠳᠣᠣᠷᠠᠳᠤ ᠬᠡᠯᠬᠢᠶᠡᠨ ᠤ ᠲᠥᠷᠥᠯ ᠵᠦᠢᠯ ᠢ 10 ᠠᠴᠠ ᠳᠡᠭᠡᠭᠰᠢ ᠣᠷᠣᠭᠤᠯᠤᠨ | ᠠᠪᠴᠢᠷᠠᠵᠤ᠂ ᠨᠢᠺᠧᠯ ᠰᠠᠭᠤᠷᠢ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠨ ᠤ | ᠵᠢᠯ ᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠰᠢᠩ ᠭᠦ᠋ ᠨᠢᠭᠡᠳᠦᠭᠡᠷ ᠬᠤᠭᠤᠴᠠᠭᠠᠨ ᠤ 1 ᠳ᠋ᠦ᠋ᠭᠡᠷ | ᠨᠣᠮᠧᠷᠲᠤ ᠱᠤᠭᠤᠮ ᠤᠨ ᠦᠢᠯᠡᠳᠪᠦᠷᠢᠯᠡᠯ ᠳᠠᠭᠤᠰᠴᠤ ᠦᠷ᠎ᠡ ᠠᠰᠢᠭ ᠣᠯᠬᠤ ᠶᠢ ᠪᠠᠲᠤᠯᠠᠵᠤ᠂ 2 ᠳ᠋ᠤᠭᠠᠷ ᠨᠣᠮᠧᠷᠲᠤ | ᠱᠤᠭᠤᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠤᠶᠠᠳᠤᠭᠠᠷ ᠬᠤᠭᠤᠴᠠᠭᠠᠨ ᠤ ᠲᠥᠷᠦᠯ | ᠵᠦᠢᠯ ᠤᠨ ᠠᠵᠢᠯ ᠡᠬᠢᠯᠡᠬᠦ ᠶᠢ ᠠᠬᠢᠭᠤᠯᠵᠤ᠂ ᠠᠵᠤ ᠦᠢᠯᠡᠰ ᠤᠨ ᠢᠵᠢ ᠪᠦᠷᠢᠳᠦᠭᠰᠡᠨ ᠲᠥᠷᠦᠯ ᠵᠦᠢᠯ ᠢ 2 | ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ | ᠪᠡᠶᠡᠯᠡᠭᠦᠯᠦᠨ᠎ᠡ︔ ᠰᠢᠯ ᠰᠢᠷᠬᠡᠭ ᠤᠨ ᠲᠥᠷᠥᠯ ᠵᠦᠢᠯ ᠢ 6᠂ ᠰᠢᠯ ᠰᠢᠷᠬᠡᠭ ᠤᠨ ᠠᠵᠤ ᠠᠬᠤᠶᠢᠯᠠᠯ ᠢ 5 ᠠᠴᠠ | ᠳᠡᠭᠡᠭᠰᠢ ᠣᠷᠣᠭᠤᠯᠤᠨ ᠠᠪᠴᠢᠷᠠᠵᠤ᠂ ᠠᠰᠢᠭᠯᠠᠯᠲᠠ ᠳᠤ ᠣᠷᠣᠭᠤᠯᠬᠤ ᠠᠵᠤ ᠠᠬᠤᠶᠢᠯᠠᠯ ᠢ 24 ᠡᠷᠦᠬᠡ ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠴᠠᠬᠢᠭᠤᠷᠳᠣ ᠰᠠᠭᠤᠷᠢ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠰᠢᠯᠢᠳᠡᠭ ᠢ ᠨᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠠᠮᠲᠠᠲᠤ ᠲᠥᠮᠥᠰᠥ ᠶᠢ ᠨᠠᠷᠢᠯᠢᠭ ᠡᠳ᠋ᠰᠢᠭᠦᠯᠬᠦ | ᠲᠥᠷᠥᠯ ᠵᠦᠢᠯ ᠢ 2 ᠬᠡᠷᠡᠭᠵᠢᠭᠦᠯᠵᠦ᠂ ᠠᠮᠲᠠᠲᠤ ᠲᠥᠮᠥᠰᠥ ᠶᠢᠨ ᠨᠥᠭᠡᠴᠡᠯᠡᠨ ᠠᠷᠠᠯᠵᠢᠶᠠᠯᠠᠬᠤ ᠲᠥᠪ ᠢ ᠪᠠᠶᠢᠭᠤᠯᠵᠤ | ᠂ ᠠᠮᠲᠠᠲᠤ ᠲᠥᠮᠥᠰᠥ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠮᠦ | ᠶᠤᠸᠠᠨ ᠭᠠᠭ᠋ᠠᠶ ᠨᠢᠳᠦᠯᠵᠦ ᠳᠦᠭᠦᠷᠡᠩ ᠦᠢᠯᠡᠪᠦᠷᠢᠯᠡᠬᠦ ᠶᠢ ᠠᠬᠢᠭᠤᠯᠵᠤ᠂ ᠳ᠋ᠠ ᠹᠧᠢ ᠨᠢᠦ ᠠᠵᠤ ᠦᠢᠯᠡᠰ ᠤᠨ | ᠬᠡᠯᠬᠢᠶ᠎ᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠼᠠᠢ ᠰᠢᠨ᠂ ᠹᠦ᠋ ᠨᠥᠩ ᠵᠡᠷᠭᠡ ᠠᠯᠠᠰᠢᠨ ᠦᠬᠡᠷ ᠨᠢᠳᠦᠯᠵᠦ ᠦᠢᠯᠡᠳᠪᠦᠷᠢᠯᠡᠬᠦ ᠴᠢᠳᠠᠪᠦᠷᠢ ᠶᠢ ᠶᠡᠬᠡᠰᠭᠡᠵᠦ᠂ 3.5 | ᠲᠦᠮᠡᠨ ᠲᠣᠯᠣᠭᠠᠶ ᠨᠢᠲᠤᠯᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠦᠨ᠎ᠡ᠃ ᠰᠢᠨ᠎ᠡ ᠰᠣᠷᠭᠤᠭ ᠢᠳᠡᠭᠡᠨ ᠤ ᠡᠷᠳᠡᠨᠢ | ᠰᠢᠰᠢ ᠶᠢᠨ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠬᠦ ᠲᠥᠷᠥᠯ ᠵᠦᠢᠯ ᠢ 3 ᠬᠡᠷᠡᠭᠵᠢᠭᠦᠯᠵᠦ᠂ ᠦᠢᠯᠡᠳᠪᠦᠷᠢᠯᠡᠯ ᠤᠨ | ᠴᠢᠳᠠᠪᠤᠷᠢ 1 ᠳ᠋ᠦᠩᠰᠢᠭᠤᠷ ᠶᠢ ᠪᠠᠲᠤᠯᠠᠨ᠎ᠠ︔ ᠷᠧᠨ ᠵᠦᠩ ᠤᠨ ᠪᠠᠺᠲ᠋ᠧᠷᠢ ᠠᠯᠠᠬᠤ ᠡᠳ᠋ ᠤᠨ ᠲᠥᠷᠦᠯ ᠵᠦᠢᠯ ᠢ | ᠡᠬᠢᠯᠡᠨ ᠪᠠᠶᠢᠭᠤᠯᠵᠤ᠂ ᠬᠤᠸᠠ ᠬᠤᠤ ᠶᠢᠨ ᠢ ᠸᠧᠢ ᠪᠠᠺᠲ᠋ᠧᠷᠢ ᠶᠢᠨ ᠲᠥᠷᠦᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠤᠨ᠎ᠠ᠃ ᠮᠠᠭᠨᠢ ᠶᠢᠨ ᠷᠤᠮᠪᠠ ᠰᠢᠨ᠎ᠡ ᠮᠠᠲ᠋ᠧᠷᠢᠶᠠᠯ᠂ ᠸᠠᠨᠠᠳᠢ ᠲᠢᠲ᠋ᠠᠨ ᠰᠢᠨ᠎ᠡ ᠮᠠᠲ᠋ᠧᠷᠢᠶᠠᠯ᠂ | ᠰᠢᠨ᠎ᠡ ᠡᠨᠧᠷᠭᠢ ᠶᠢᠨ ᠠᠯᠺᠣᠣᠯ ᠦᠢᠯᠡᠳᠬᠦ ᠵᠡᠷᠭᠡ ᠪᠤᠬᠢᠷᠳᠤᠯ ᠦᠭᠡᠢ ᠴᠠᠬᠢᠯᠭᠠᠨ ᠤ ᠳᠤᠷᠠᠰᠢᠯ ᠲᠠᠢ ᠲᠥᠷᠥᠯ | ᠵᠦᠢᠯ ᠢ ᠤᠷᠤᠭᠤᠯᠤᠨ ᠬᠡᠷᠡᠭᠵᠢᠭᠦᠯᠵᠦ᠂ ᠯᠦᠩ ᠮᠠ 800 ᠰᠠᠶ᠎ᠠ ᠸᠠᠲ ᠤᠨ ᠪᠠᠲᠤᠯᠠᠭ᠎ᠠ ᠶᠢᠨ ᠴᠢᠨᠠᠷᠲᠠᠢ ᠰᠢᠨ᠎ᠡ | ᠡᠨᠧᠷᠭᠢ᠂ 17.66 ᠰᠠᠶ᠎ᠠ ᠸᠠᠲ ᠭᠡᠷᠡᠯ ᠸᠤᠯᠲ ᠤᠨ ᠬᠠᠪᠰᠤᠷᠤᠨ ᠲᠡᠳᠬᠦᠬᠦ ᠶᠢ ᠪᠠᠲᠤᠯᠠᠵᠤ᠂ ᠰᠢᠨ᠎ᠡ ᠬᠡᠯᠪᠡᠷᠢ ᠶᠢᠨ | ᠡᠨᠧᠷᠭᠢ ᠬᠠᠳᠠᠭᠠᠯᠠᠬᠤ ᠲᠥᠷᠥᠯ ᠵᠦᠢᠯ ᠢ 4 ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠢᠩ ᠠᠨ ᠤ 400 | ᠰᠠᠶ᠎ᠠ ᠸᠠᠲ ᠤᠨ ᠡᠬᠢᠲᠦ ᠴᠠᠬᠢᠯᠭᠠᠨ ᠳᠠᠭᠠᠭᠠᠴᠠ ᠶᠢᠨ ᠲᠥᠷᠥᠯ ᠵᠦᠢᠯ ᠢ ᠪᠦᠬᠦ ᠪᠠᠭᠲᠠᠭᠠᠮᠵᠢ ᠪᠠᠷ ᠨᠢ ᠲᠣᠣᠷ ᠲᠤ | ᠨᠡᠶᠢᠯᠡᠭᠦᠯᠬᠦ ᠶᠢ ᠦᠨᠡᠨᠬᠦ ᠪᠠᠲᠤᠯᠠᠵᠤ᠂ ᠪᠤᠬᠢᠷᠳᠤᠯ ᠦᠭᠡᠢ ᠴᠠᠬᠢᠯᠭᠠᠨ ᠪᠠ ᠠᠵᠤ ᠦᠢᠯᠡᠰ ᠤᠨ ᠬᠠᠮᠵᠢᠯᠴᠠᠨ ᠬᠥᠭᠵᠢᠬᠦ | ᠂ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠳᠡᠰ ᠳᠡᠪᠰᠢᠬᠦᠯᠦᠨ᠎ᠡ᠃ ᠦᠢᠯᠡᠴᠢᠯᠡᠭᠡᠨ ᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠵᠢᠯ ᠤᠨ ᠳᠤᠲᠤᠷ᠎ᠠ ᠬᠡᠪᠴᠢᠶᠡᠵᠢᠯ ᠠᠴᠠ ᠳᠠᠪᠠᠭᠰᠠᠨ ᠦᠢᠯᠡᠴᠢᠯᠡᠭᠡᠨ ᠤ ᠦᠢᠯᠡᠰ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢ 10 ᠪᠤᠯᠭᠠᠨ᠎ᠠ᠃ ᠪᠠᠷᠠᠭ᠎ᠠ ᠶᠢᠨ ᠭᠦᠢᠯᠭᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠰᠠᠭᠤᠷᠢ ᠲᠥᠷᠥᠯ ᠵᠦᠢᠯ ᠢ 5 ᠰᠦᠪᠡᠭᠴᠢᠯᠡᠨ ᠬᠡᠷᠡᠭᠵᠢᠭᠦᠯᠵᠦ᠂ ᠵᠠᠰᠠᠮᠠᠯ ᠵᠠᠮ ᠤᠨ ᠴᠢᠩᠭᠡᠯᠢᠭ ᠤᠨ ᠬᠡᠰᠡᠭᠴᠢᠯᠡᠭᠰᠡᠨ | ᠲᠡᠭᠡᠭᠡᠪᠦᠷᠢ ᠶᠢ ᠭᠤᠶᠤᠴᠢᠯᠠᠨ ᠮᠡᠳᠡᠭᠦᠯᠵᠦ᠂ ᠬᠥᠳᠡᠭᠡ ᠲᠣᠰᠬᠤᠨ ᠤ ᠠᠶᠠᠨᠴᠢᠳ ᠪᠠᠷᠠᠭ᠎ᠠ ᠰᠢᠦᠳᠠᠨ ᠤ ᠠᠭᠤᠰᠤᠯᠴᠠᠨ | ᠬᠥᠭᠵᠢᠬᠦ ᠶᠢ ᠠᠬᠢᠭᠤᠯᠤᠨ᠂ ᠲᠦᠩᠯᠢᠶᠤᠤ ᠤᠯᠠᠭᠠᠨᠬᠠᠳᠠ ᠶᠢᠨ ︽ᠤᠯᠤᠰ ᠤᠨ ᠠᠵᠤ ᠦᠢᠯᠡᠰ ᠤᠨ ᠰᠢᠯᠵᠢᠯᠲᠡ ᠶᠢ | ᠬᠦᠯᠢᠶᠡᠨ ᠠᠪᠬᠤ ᠵᠢᠱᠢᠶ᠎ᠡ ᠦᠵᠡᠭᠦᠯᠬᠦ ᠣᠷᠣᠨ︾ ᠤ ᠴᠢᠬᠤᠯᠠ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ | ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠶᠢᠨ ᠭᠠᠵᠠᠷ ᠢ ᠪᠦᠲᠦᠭᠡᠨ ᠪᠠᠶᠢᠭᠤᠯᠤᠨ᠎ᠠ᠃ | ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠳᠭᠦᠨ ᠤ ᠬᠠᠩᠭᠠᠯᠭ᠎ᠠ ᠪᠠᠨ ᠥᠷᠭᠡᠳᠬᠡᠬᠦ ᠶᠢ ᠳᠠᠮᠵᠢᠵᠤ᠂ | ᠵᠠᠰᠠᠭ ᠤᠨ ᠣᠷᠳᠣᠨ ᠮᠥᠩᠭᠦᠨ ᠭᠦᠢᠯᠭᠡᠭᠡᠨ ᠠᠵᠤ ᠠᠬᠤᠶᠢᠯᠠᠯ ᠤᠨ ᠤᠨᠤᠴᠠᠲᠠᠢ ᠪᠠᠷ ᠵᠣᠯᠭᠠᠭᠤᠯᠬᠤ ᠶᠢ | ᠪᠠᠶᠢᠩᠭᠤᠵᠢᠭᠤᠯᠤᠨ ᠥᠷᠨᠢᠭᠦᠯᠵᠦ᠂ ᠵᠢᠭᠡᠯᠡᠯᠭᠡ ᠶᠢᠨ ᠦᠯᠡᠳᠡᠪᠦᠷᠢ ᠶᠢ 18% ᠠᠴᠠ ᠳᠡᠭᠡᠭᠰᠢ ᠨᠡᠮᠡᠭᠳᠡᠭᠦᠯᠬᠦ ᠪᠠᠷ | ᠴᠢᠷᠮᠠᠶᠢᠨ᠎ᠠ᠃ ᠪᠤᠭᠲᠤ ᠡᠯᠡᠰᠦᠨ ᠴᠦᠯ ᠤᠨ ᠲᠠᠷᠢᠶᠠᠯᠠᠩ ᠰᠤᠶᠤᠯ ᠵᠢᠭᠤᠯᠴᠢᠯᠠᠯ ᠂ ᠴᠢᠩ ᠯᠦᠩ ᠱᠠᠨ ᠤ ᠡᠷᠡᠭᠦᠯ | ᠮᠡᠨᠳᠦ ᠪᠡᠶ᠎ᠡ ᠰᠤᠪᠢᠯᠠᠬᠤ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠲᠦᠷᠭᠡᠳᠭᠡᠨ ᠪᠠᠶᠢᠭᠤᠯᠵᠤ᠂ ᠪᠦᠬᠦ | ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ᠂ ᠤᠯᠤᠰ ᠤᠨ 3C ᠲᠡᠰ ᠤᠨ | ᠰᠠᠭᠤᠷᠢᠨ ᠭᠠᠵᠠᠷ ᠪᠠᠶᠢᠭᠤᠯᠬᠤ ᠠᠵᠢᠯ ᠢ ᠦᠷᠬᠦᠯᠵᠢᠯᠡᠨ ᠠᠬᠢᠭᠤᠯᠵᠤ᠂ ᠪᠤᠭᠲᠤ ᠡᠯᠡᠰᠦᠨ ᠴᠥᠯ ᠤᠨ ᠬᠡᠭᠡᠷ᠎ᠡ | ᠪᠠᠭᠤᠳᠠᠯᠯᠠᠬᠤ ᠶᠡᠭᠡ ᠴᠤᠭᠯᠠᠭᠠᠨ ᠵᠡᠷᠭᠡ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ | ᠡᠷᠬᠢᠯᠡᠵᠦ᠂ ᠵᠤᠭᠠᠴᠠᠭᠰᠠᠳ ᠢ 160 ᠲᠦᠮᠡᠨ ᠬᠥᠮᠦᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠨ᠎ᠠ᠃ ᠭᠡᠷ | ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠯᠡᠳᠡᠭᠡᠯ ᠲᠠᠸᠠᠷ ᠤᠨ | ᠭᠡᠷ ᠪᠠᠶᠢᠰᠢᠩ ᠤᠨ ᠬᠠᠳᠠᠭᠠᠯᠠᠯᠲᠠ ᠶᠢ ᠪᠠᠭᠠᠰᠬᠠᠬᠤ ᠶᠢ ᠲᠦᠷᠭᠡᠳᠬᠡᠨ᠂ ᠰᠠᠶᠢᠵᠢᠷᠡᠭᠤᠯᠥᠠᠠᠰᠠᠨ ᠭᠡᠯᠪᠡᠷᠢ ᠶᠢᠨ ᠣᠷᠣᠨ | ᠰᠠᠭᠤᠴᠠ ᠶᠢᠨ ᠬᠠᠩᠭᠠᠯᠭ᠎ᠠ ᠶᠢ ᠦᠷᠭᠡᠳᠭᠡᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠠᠰᠢᠠᠠᠯᠠᠬᠤ | ᠳᠡᠯᠡᠪᠡᠢ ᠶᠢ 43 ᠳᠥᠮᠡᠨ ᠲᠡᠭᠰᠢ ᠳᠦᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠥᠨ᠎ᠠ᠃ | ︵ᠭᠤᠷᠪᠠ︶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ | ᠥᠬᠡᠶ ᠬᠡᠷᠡᠭᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠦᠨ᠂ ᠲᠡᠷᠢᠭᠦᠨ ᠤ ᠬᠥᠭᠵᠢᠯᠲᠡ ᠶᠢᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠪᠣᠶ ᠪᠣᠯᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶᠢᠷᠡᠭᠦᠯᠵᠦ᠂ | ᠲᠣᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠬᠠᠲᠠᠭᠤ ᠨᠡᠮᠡᠭᠳᠡᠯ | ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠣᠷᠣᠭᠤᠯᠤᠯᠲᠠ ᠶᠢ 1.5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠶᠢ | ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠰᠢᠨ᠎ᠡ ᠪᠠᠷ 1 ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠬᠡᠯᠪᠡᠷᠢ᠂ ᠲᠤᠰᠬᠠᠶ ᠨᠠᠷᠢᠯᠢᠭ | ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠲᠣᠰ ᠲᠣᠰ 2 ᠪᠤᠶᠢᠵᠢᠭᠤᠯᠤᠨ᠎ᠠ᠃ ᠤᠯᠤᠰ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠵᠥᠪᠯᠡᠯ ᠢ ᠠᠰᠢᠭᠯᠠᠵᠤ᠂ ᠰᠤᠷᠭᠠᠭᠤᠯᠢ ᠪᠠ ᠣᠷᠣᠨ | ᠨᠤᠲᠤᠭ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠮᠠᠲ᠋ᠧᠷᠢᠶᠠᠯ᠂ ᠪᠠᠶᠢᠭᠠᠯᠢ ᠶᠢᠨ ᠬᠤᠵᠢᠷ | ᠂ ᠡᠷᠳᠡᠨᠢ ᠰᠢᠰᠢ ᠳᠠᠷᠢᠬᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠢ 4 ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 20 ᠠᠴᠠ ᠳᠡᠭᠡᠭᠰᠢ | ᠤᠯᠠᠷᠢᠭᠤᠯᠤᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ | ᠠᠵᠤ ᠦᠢᠯᠡᠰ ᠤᠨ ᠲᠠᠰ ᠳᠠᠪᠰᠢᠯᠲᠠ ᠳᠤ ᠡᠨᠧᠷᠭᠢ ᠣᠯᠭᠤᠬᠤ ᠶᠢ ᠪᠡᠶᠡᠯᠡᠭᠦᠯᠦᠨ᠎ᠡ᠃ ︽ᠰᠣᠳᠣᠨ | ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠷᠭ᠎ᠠ ᠵᠠᠮ ᠢ ᠰᠦᠪᠡᠭᠴᠢᠯᠡᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠨᠠᠢᠮᠠᠨ ᠢ ᠴᠢᠳᠠᠪᠤᠷᠢᠲᠠᠨ ᠢ ᠴᠤᠭᠯᠠᠷᠠᠭᠤᠯᠵᠤ ᠤᠶᠤᠨ ᠤᠬᠠᠭᠠᠨ ᠢ ᠬᠤᠷᠠᠮᠳᠤᠭᠤᠯᠬᠤ | ᠴᠢᠳᠠᠪᠤᠷᠢᠲᠠᠨ ᠤ ᠰᠢᠨ᠎ᠡ ᠥᠨᠳᠦᠷᠯᠢᠭ ᠭᠠᠵᠠᠷ ᠪᠣᠯᠭᠠᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠬᠤᠶᠠᠷ ᠥᠴᠦᠬᠡᠨ ᠴᠦ | ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ | ᠤᠨ ᠦᠮᠴᠢᠯᠡᠯᠲᠦ ᠠᠵᠤ ᠠᠬᠤᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠳᠠᠬᠢᠨ ᠵᠣᠬᠢᠶᠠᠨ ᠪᠠᠶᠢᠭᠤᠯᠬᠤ ᠶᠢ | ᠲᠦᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠠᠵᠤ ᠦᠢᠯᠡᠰ ᠤᠨ | ᠬᠥᠭᠵᠢᠯᠲᠡ ᠳᠤ ᠣᠷᠣᠯᠴᠠᠬᠤ ᠶᠢ ᠳᠡᠮᠵᠢᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠦᠴᠦᠷᠬᠡᠭᠵᠢᠨ ᠪᠤᠵᠠᠭᠠᠢᠢᠷᠠᠬᠤ ᠶᠢ | ᠠᠬᠢᠭᠤᠯᠤᠨ᠎ᠠ᠃ ᠪᠦᠬᠦ ᠤᠯᠤᠰ ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠬᠢᠯᠡᠯᠲᠡ ᠶᠢ ᠡᠷᠡᠰ ᠡᠪᠳᠡᠵᠦ᠂ ᠲᠦᠪ ᠭᠤᠣᠯᠴᠢ | ᠥᠷᠢᠰᠥᠯᠳᠦᠭᠡᠨ ᠢ ᠬᠠᠷᠰᠢᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠢᠳᠡᠯ ᠢ ᠬᠦᠴᠦᠨ ᠦᠭᠡᠢ ᠪᠤᠯᠭᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠠᠰᠠᠬᠤ ᠪᠦᠲᠦᠴᠡ ᠪᠠ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠶ ᠶᠢᠨ | ᠬᠥᠭᠵᠢᠯᠲᠡ ᠳᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠵᠤ᠂ ᠨᠡᠩ ᠣᠯᠠᠨ ᠲᠣᠬᠢᠶᠠᠯ ᠬᠠᠩᠭᠠᠨ᠎ᠠ᠃ | ᠳᠠᠭᠠᠭᠠᠴᠢᠯᠠᠯᠲᠠ ᠶᠢᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠵᠠᠭᠪᠤᠷ ᠢ ᠳᠡᠯᠭᠡᠷᠡᠭᠦᠯᠦᠨ᠂ ᠲᠠᠷᠢᠶᠠᠯᠠᠩ ᠤᠨ | ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠭᠦᠯᠦᠨ᠂ ᠲᠠᠷᠢᠶᠠᠴᠢᠳ ᠲᠤ ᠨᠠᠩ ᠭᠦᠢᠴᠡᠳ ᠡᠳ᠋ ᠬᠥᠷᠥᠩᠭᠡ ᠶᠢᠨ | ᠡᠷᠬᠡ ᠠᠰᠢᠭ ᠤᠯᠭᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠰᠤ ᠠᠪᠴᠤ ᠬᠡᠷᠡᠭᠯᠡᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠤᠰᠤ ᠠᠪᠴᠤ ᠬᠡᠷᠡᠭᠯᠡᠬᠦ ᠵᠥᠪᠰᠢᠶᠡᠷᠡᠯ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠦᠨ᠂ ᠲᠠᠷᠢᠶᠠᠯᠠᠩ ᠳᠤ | ᠬᠡᠷᠡᠭᠯᠡᠬᠦ ᠤᠰᠤᠨ ᠤ ᠬᠡᠮᠵᠢᠯᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠣᠭᠤᠷᠢᠭ ᠢ 2 ᠪᠦᠲᠦᠭᠡᠨ ᠪᠠᠶᠢᠭᠤᠯᠤᠨ᠎ᠠ᠃ | ᠨᠡᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠪᠤᠢ ᠪᠣᠯᠭᠠᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠵᠦ ᠪᠠᠬᠢᠵᠢᠭᠦᠯᠦᠨ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠥᠷᠭᠡᠳᠬᠡᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠠᠬᠢᠭᠤᠯᠤᠨ᠎ᠠ | ᠃ ︽ᠥᠨᠳᠥᠷ ᠦᠷ᠎ᠡ ᠪᠦᠲᠦᠮᠵᠢᠲᠡᠶ ᠨᠢᠭᠡ ᠶᠠᠪᠤᠳᠠᠯ ᠢ ᠪᠦᠲᠦᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠨᠢᠭᠡ ᠰᠦᠯᠵᠢᠶ᠎ᠡ ᠪᠠᠷ ᠨᠢᠭᠡᠲᠦᠯᠲᠡᠢ ᠬᠠᠮᠢᠶᠠᠷᠠᠬᠤ︾᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ | ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ︾ ᠬᠡᠷᠡᠭᠯᠡᠭᠡᠨ ᠤ ᠪᠠᠶᠢᠳᠠᠯ ᠢ ᠥᠷᠭᠡᠳᠬᠡᠨ᠎ᠡ᠃ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠪᠠᠬᠢᠵᠢᠭᠦᠯᠦᠨ᠂ ᠳᠦᠭᠦᠮ ᠳᠦᠳᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ | ᠂ ᠭᠦᠢᠴᠡᠳᠭᠡᠬᠦ ᠴᠠᠭ ᠤᠨ ᠬᠢᠵᠠᠭᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠨ᠎ᠠ᠃ ᠠᠵᠤ ᠠᠬᠤᠶᠢᠯᠠᠯ ᠳᠤ | ᠠᠰᠢᠭ ᠬᠦᠷᠲᠡᠭᠡᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠡᠳ᠋ᠯᠡᠬᠦ︾᠂ ︽ | ᠭᠤᠶᠤᠴᠢᠯᠠᠮᠠᠭᠴᠠ ᠡᠳ᠋ᠯᠡᠬᠦ︾ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ | ᠥᠷᠨᠢᠭᠦᠯᠦᠨ᠂ ︽ᠪᠡᠶᠡᠴᠢᠯᠡᠨ ᠣᠶᠢᠯᠠᠭᠠᠬᠤ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠮᠠᠶ᠋ᠢᠭ ᠤᠨ | ᠬᠠᠤᠯᠢ ᠬᠡᠷᠡᠭᠵᠢᠭᠦᠯᠦᠯᠲᠡ︾ ᠶᠢᠨ ᠵᠠᠭᠪᠤᠷ ᠢ ᠳᠡᠯᠭᠡᠷᠡᠭᠦᠯᠦᠨ᠂ ᠠᠵᠤ ᠠᠬᠤᠶᠢᠯᠠᠯ ᠤᠨ ᠢᠲᠡᠭᠡᠯ ᠵᠣᠷᠢᠭ ᠢᠶᠠᠨ | ᠨᠡᠮᠡᠭᠳᠡᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠦᠴᠢᠷ ᠪᠡᠷᠬᠡᠰᠢᠶᠡᠯ ᠢ ᠳᠠᠪᠠᠨ ᠲᠤᠭᠤᠯᠬᠤ ᠳᠤ ᠬᠦᠴᠦᠨ | ᠨᠠᠮᠡᠷᠢᠯᠡᠨ᠎ᠡ᠃ | ︵ᠳᠥᠷᠪᠡ︶ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ | ᠨᠡᠭᠦᠷᠡᠰᠦᠲᠥ᠋ᠷᠥᠭᠴᠢ ᠶᠢ ᠪᠠᠭᠠᠰᠬᠠᠨ ᠪᠣᠬᠢᠷᠲᠤᠯ ᠢ ᠪᠠᠭᠠᠰᠬᠠᠵᠤ ᠨᠡᠮᠡᠭᠳᠡᠯ ᠢ ᠥᠷᠭᠡᠳᠬᠡᠬᠦ ᠶᠢ ᠬᠠᠮᠵᠢᠯᠴᠠᠨ ᠠᠬᠢᠭᠤᠯᠵᠤ | ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ᠎ᠡ᠃ | ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠢ ᠰᠠᠶᠢᠲᠤᠷ ᠬᠢᠨ᠎ᠡ᠃ ︽ᠭᠤᠷᠪᠠᠨ ᠤᠮᠠᠷᠠᠲᠤ︾ | ᠶᠢᠨ ᠵᠢᠷᠭᠤᠳᠤᠭᠠᠷ ᠬᠤᠭᠤᠴᠠᠭ᠎ᠠ᠂ ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ | ᠬᠠᠮᠠᠭᠠᠯᠠᠵᠤ ᠰᠡᠷᠭᠦᠭᠡᠬᠦ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠢ ᠳᠤ | ᠲᠥᠯᠥᠪᠯᠡᠨ ᠠᠬᠢᠭᠤᠯᠵᠤ᠂ ᠣᠶ ᠰᠢᠭᠤᠶ ᠡᠪᠡᠰᠦ ᠪᠡᠯᠴᠢᠭᠡᠷ ᠢ 63 ᠲᠦᠮᠡᠨ ᠮᠥ ᠶᠡᠷᠦᠩᠬᠡᠶᠢᠯᠡᠨ ᠵᠠᠰᠠᠨ᠎ᠠ᠃ ︽ | ᠠᠭᠤᠯᠠ ᠤᠰᠤᠨ ᠤ ᠢᠨᠵᠧᠨᠧᠷᠢᠩ︾ ᠪᠣᠯᠤᠨ ᠧᠦ᠋ᠷᠣᠫᠠ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢᠨ | ᠣᠶᠢᠵᠢᠭᠤᠯᠤᠯᠲᠠ ᠶᠢᠨ ᠲᠥᠷᠥᠯ ᠵᠦᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠬᠦ ᠶᠢ ᠦᠨᠡᠨᠬᠦ ᠪᠠᠲᠤᠯᠠᠨ᠎ᠠ᠃ | ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠳᠠᠬᠢᠨ ᠪᠠᠶᠢᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠴᠢᠬᠤᠯᠠ ᠶᠡᠭᠡ ᠠᠮᠢ ᠠᠬᠤᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠣᠶ ᠶᠢᠨ ᠬᠤᠷᠮᠣᠶ ᠶᠢᠨ ᠠᠵᠤ ᠠᠬᠤᠶ ᠶᠢ ᠵᠢᠷᠤᠮᠵᠢᠭᠤᠯᠤᠨ ᠬᠥᠭᠵᠢᠭᠦᠯᠵᠦ᠂ ᠣᠶ ᠶᠢᠨ | ᠬᠤᠷᠮᠣᠶ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠴᠡᠭ ᠢ 15 ᠪᠠᠶᠢᠭᠤᠯᠵᠤ᠂ ᠣᠶ ᠶᠢᠨ ᠬᠤᠷᠮᠣᠶ ᠶᠢᠨ ᠠᠵᠤ | ᠠᠬᠤᠶ ᠶᠢᠨ ᠲᠠᠯᠠᠪᠠᠶ ᠶᠢ 5 ᠲᠦᠮᠡᠨ ᠮᠥ ᠳᠤ ᠬᠦᠷᠦᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠭᠠᠷ | ᠮᠠᠨᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ ᠪᠠᠭᠠᠰᠬᠠᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠣᠬᠢᠷᠲᠤᠯ ᠤᠨ ᠡᠬᠢ ᠶᠢ ᠵᠠᠰᠠᠬᠤ ᠶᠢ ᠴᠢᠩᠭᠠᠳᠬᠠᠨ᠂ ᠰᠢᠲᠠᠮᠠᠬᠠᠶ ᠬᠡᠶ ᠶᠢ ᠲᠣᠰᠬᠤᠨ ᠳᠤ | ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠠᠷᠢᠭᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠳᠡᠮᠵᠢᠨ ᠵᠣᠷᠢᠭᠵᠢᠭᠤᠯᠵᠤ᠂ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠤᠨ | ᠲᠣᠭᠲᠠᠭᠤᠨ ᠤ ᠳᠤᠮᠳᠠ ᠳᠡᠭᠡᠭᠰᠢᠯᠡᠬᠦ ᠶᠢ ᠪᠠᠲᠤᠯᠠᠨ᠎ᠠ᠃ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠱᠤᠭᠤᠮ ᠤᠨ ᠣᠷᠣᠨ | ᠵᠠᠶ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ | ︾ ᠢ ᠪᠠᠶᠢᠩᠭᠤᠵᠢᠭᠤᠯᠤᠨ ᠳᠦᠷᠢᠮᠵᠢᠭᠦᠯᠦᠨ ᠴᠡᠪᠡᠷᠯᠡᠨ᠎ᠡ᠃ ᠤᠰᠤᠨ ᠰᠤᠷᠪᠤᠯᠵᠢ ᠶᠢᠨ ᠵᠢᠷᠤᠮᠵᠢᠭᠰᠠᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠪᠠᠯᠭᠠᠰᠤ ᠲᠣᠰᠬᠤᠨ ᠤ ᠤᠤᠭᠤᠬᠤ ᠤᠰᠤᠨ ᠤ ᠰᠤᠷᠪᠤᠯᠵᠢ ᠶᠢᠨ | ᠬᠠᠮᠠᠭᠠᠯᠠᠯᠲᠠ ᠶᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ᠂ ᠬᠤᠲᠠ ᠬᠥᠳᠡᠭᠡ ᠶᠢᠨ ᠪᠣᠬᠢᠷ ᠤᠰᠤ ᠶᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠶᠢ ᠨᠡᠮᠡᠭᠳᠡᠭᠦᠯᠦᠨ᠂ ᠤᠯᠤᠰ ᠤᠨ ᠰᠢᠯᠭᠠᠨ ᠪᠠᠶᠢᠴᠠᠭᠠᠯᠲᠠ ᠶᠢᠨ | ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ᠂ ᠬᠢᠮᠢ ᠶᠢᠨ ᠪᠣᠷᠲᠣᠭᠤᠷ᠂ | ᠲᠠᠷᠢᠶᠠᠨ ᠡᠮ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠠᠬᠢᠭᠤᠯᠤᠨ᠂ | ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ | ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠨ᠎ᠠ᠃ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠪᠦᠰᠡᠯᠡᠯᠲᠡ ᠶᠢ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠨ᠎ᠡ᠃ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ︽ᠬᠤᠶᠠᠷ | ᠶᠡᠭᠡ᠂ ᠨᠢᠭᠡ ᠳᠣᠤᠷ᠎ᠠ︾ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠨ ᠵᠤᠭᠰᠤᠭᠠᠨ᠎ᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠦᠭᠡᠷᠡᠴᠢᠯᠡᠬᠦ᠂ ᠡᠨᠧᠷᠭᠢ ᠬᠡᠷᠡᠭᠯᠡᠬᠦ ᠲᠣᠨᠤᠭ | ᠲᠦᠬᠦᠭᠡᠷᠦᠮᠵᠢ ᠶᠢ ᠰᠢᠨᠡᠳᠭᠡᠬᠦ ᠶᠢ ᠳᠡᠮᠵᠢᠨ᠂ ᠠᠯᠺᠤᠤᠯᠲᠤ ᠤᠰᠤᠲᠥ᠋ᠷᠥᠭᠴᠢ ᠪᠠᠷ ᠣᠷᠣᠯᠠᠭᠤᠯᠬᠤ᠂ ᠪᠣᠬᠢᠷᠲᠤᠯ | ᠦᠭᠡᠢ ᠴᠠᠬᠢᠯᠭᠠᠨ ᠰᠢᠩᠭᠡᠭᠡᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠳᠤᠤᠷ᠎ᠠ ᠨᠡᠭᠦᠷᠡᠰᠦᠲᠥ᠋ᠷᠥᠭᠴᠢᠲᠦ ᠲᠡᠭᠡᠭᠡᠪᠦᠷᠢ ᠶᠢᠨ | ᠪᠠᠭᠠᠵᠢ ᠶᠢ ᠳᠡᠯᠭᠡᠷᠡᠭᠦᠯᠵᠦ᠂ ᠣᠷᠴᠢᠯ ᠲᠠᠷᠢᠶᠠᠯᠠᠩ᠂ ᠴᠡᠪᠡᠷ ᠡᠨᠧᠷᠭᠢ ᠵᠡᠷᠭᠡ ᠠᠮᠢ ᠠᠬᠤᠢ ᠶᠢᠨ ᠠᠵᠤ ᠦᠢᠯᠡᠰ ᠢ | ᠬᠥᠭᠵᠢᠭᠦᠯᠵᠦ᠂ ᠦᠪᠡᠷᠲᠡᠭᠡᠨ ᠵᠠᠰᠠᠬᠤ ᠤᠷᠤᠨ ᠤ ᠪᠣᠬᠢᠷᠲᠤᠯ ᠦᠭᠡᠢ ᠦᠢᠯᠡᠳᠪᠦᠷᠢ ᠶᠢ 3᠂ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ 1 ᠡᠭᠦᠳᠦᠨ ᠪᠠᠶᠢᠭᠤᠯᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠵᠤ᠂ ᠭᠠᠵᠠᠷ ᠠᠷᠪᠢᠯᠠᠬᠤ ᠮᠡᠷᠭᠡᠵᠢᠯ ᠂ ᠭᠠᠵᠠᠷ | ᠠᠷᠪᠢᠯᠠᠬᠤ ᠵᠠᠭᠪᠤᠷ ᠢ ᠳᠡᠯᠭᠡᠷᠡᠭᠦᠯᠦᠨ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ | ᠰᠢᠯᠢᠳᠡᠭᠵᠢᠭᠦᠯᠵᠦ᠂ ᠵᠥᠪᠰᠢᠶᠡᠷᠡᠭᠡᠳ ᠬᠠᠩᠭᠠᠭᠠᠳᠤᠢ ᠰᠤᠯᠠ ᠪᠠᠶᠢᠭ᠎ᠠ ᠭᠠᠵᠠᠷ ᠰᠢᠷᠣᠢ ᠶᠢ 2100 ᠮᠦ | ᠰᠢᠩᠭᠡᠭᠡᠨ᠎ᠡ᠃ ︽ ᠳᠦᠷᠪᠡᠨ ᠤᠰᠤ ᠳᠦᠷᠪᠡᠨ ᠲᠤᠭᠲᠠᠭᠠᠯ︾ ᠤᠨ ᠵᠠᠷᠴᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠭᠠᠵᠠᠷ | ᠳᠤᠤᠷᠠᠬᠢ ᠤᠰᠤ ᠶᠢ ᠬᠡᠲᠦᠷᠡᠲᠡᠯ᠎ᠡ ᠠᠪᠬᠤ ᠶᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠳᠠᠬᠢᠯᠲᠠ ᠤᠰᠤ ᠶᠢ | ᠲᠣᠬᠢᠷᠠᠭᠤᠯᠤᠨ ᠠᠰᠢᠭᠯᠠᠬᠤ ᠶᠢ ᠴᠢᠩᠭᠠᠳᠬᠠᠵᠤ᠂ ᠦᠨᠳᠦᠷ ᠲᠦᠪᠰᠢᠨ ᠲᠠᠢ ᠤᠰᠤ ᠠᠷᠪᠢᠯᠠᠬᠤ ᠮᠠᠶ᠋ᠢᠭ ᠤᠨ | ᠨᠡᠶᠢᠭᠡᠮ ᠢ ᠪᠠᠶᠢᠭᠤᠯᠤᠨ᠎ᠠ᠃ | ︵ᠲᠠᠪᠤ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠳᠤ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢᠨ ᠡᠯᠧᠮᠧᠨ᠋ᠲ ᠤᠨ ᠡᠷᠬᠡ | ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠬᠠᠮᠲᠤ ᠪᠠᠷ | ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠣᠲᠣ ᠦᠶ᠎ᠡ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢ ᠴᠤᠭᠴᠠᠯᠠᠨ᠎ᠠ᠃ ︽ᠬᠠᠭᠤᠴᠢᠨ ᠬᠤᠲᠠ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠢᠨ᠎ᠡ ᠬᠤᠲᠠ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠬᠦ︾ | ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ᠬᠠᠭᠤᠴᠢᠨ ᠬᠤᠲᠠ ᠲᠣᠭᠤᠷᠢᠭ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ | ᠲᠥᠯᠥᠪᠯᠡᠨ ᠬᠡᠷᠡᠭᠵᠢᠭᠦᠯᠵᠦ᠂ ᠴᠡᠴᠡᠷᠯᠢᠭᠵᠢᠭᠦᠯᠦᠭᠰᠡᠨ ᠬᠤᠲᠠ᠂ ᠡᠷᠡᠭᠦᠯ ᠬᠠᠮᠠᠭᠠᠯᠠᠯ ᠤᠨ ᠬᠤᠲᠠ᠂ ᠪᠣᠯᠪᠠᠰᠤᠨ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ | ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠦᠨ᠎ᠡ︔ ᠬᠤᠲᠠ ᠶᠢᠨ ᠬᠤᠶᠢᠨᠠᠬᠢ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠢᠭᠡ ᠪᠦᠯᠦᠭ ᠠᠮᠢᠳᠤᠷᠠᠯ ᠤᠨ ᠢᠵᠢ ᠪᠦᠷᠢᠳᠦᠭᠦᠯᠬᠦ | ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠭᠲᠠᠭᠠᠮᠵᠢ ᠶᠢ ᠥᠷᠭᠡᠳᠬᠡᠬᠦ᠂ ᠠᠵᠤ ᠦᠢᠯᠡᠰ ᠪᠠ ᠬᠤᠲᠠ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠣᠷᠣᠨ ᠰᠠᠭᠤᠴᠠ ᠶᠢᠨ ᠠᠳᠠᠯ ᠠᠬᠤᠶ ᠶᠢ ᠨᠡᠶᠢᠳᠡᠮ | ᠪᠦᠷᠬᠦᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠠᠬᠤᠶ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠶᠤᠨᠴᠢ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠭᠦᠯᠡᠨ ᠪᠣᠳᠣᠯᠲᠠ ᠶᠢᠨ ᠲᠥᠪ ᠢ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ︽ᠬᠤᠲᠠ ᠶᠢᠨ ᠶᠡᠭᠡ ᠲᠠᠷᠢᠬᠢ︾ ᠶᠢᠨ ᠲᠠᠪᠴᠠᠩ ᠤᠨ | ᠴᠢᠳᠠᠮᠵᠢ ᠪᠠ ᠬᠡᠷᠡᠭᠯᠡᠯᠲᠡ ᠶᠢ ᠦᠷᠭᠡᠳᠭᠡᠵᠦ᠂ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠰᠢᠯᠤᠭᠤᠳᠬᠠᠵᠤ᠂ ᠭᠤᠤᠯ ᠬᠤᠲᠠ ᠲᠣᠭᠤᠷᠢᠭ ᠬᠢᠭᠡᠳ ᠬᠤᠲᠠ ᠶᠢᠨ ᠲᠡᠭᠦᠷᠭᠡ ᠶᠢᠨ ᠠᠶᠢᠯ ᠲᠣᠰᠬᠤᠨ ᠤ | ᠬᠠᠮᠢᠶᠠᠷᠤᠯᠲᠠ ᠶᠢᠨ ᠬᠠᠷᠰᠢ ᠰᠠᠭᠠᠳ ᠢ ᠠᠷᠢᠯᠭᠠᠨ᠂ ᠬᠤᠲᠠ ᠶᠢᠨ ᠳᠦᠷᠢ ᠲᠥᠷᠬᠦ ᠶᠢᠨ ︽ᠵᠢᠷᠭᠤᠭ᠎ᠠ ᠶᠢ ᠵᠠᠰᠠᠬᠤ︾ | ᠲᠤᠰᠬᠠᠶ ᠠᠵᠢᠯᠯᠠᠭ᠎ᠠ ᠶᠢ ᠦᠷᠨᠢᠭᠦᠯᠦᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠶ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ︽ | ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠤᠰᠬᠤᠨ ᠤ | ᠤᠰᠤ ᠤᠮᠳᠠ ᠶᠢᠨ ᠠᠶᠤᠯᠭᠦᠢ ᠶᠢ ᠪᠠᠲᠤᠯᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠲᠦᠷᠭᠡᠨ ᠬᠡᠷᠡᠭᠵᠢᠭᠦᠯᠦᠨ᠂ | ᠲᠠᠷᠠᠬᠠᠢ ᠪᠤᠲᠠᠷᠬᠠᠢ ᠬᠡᠯᠪᠡᠷᠢ ᠶᠢᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢ 4358 ᠢᠵᠢ ᠤᠭᠰᠠᠷᠠᠵᠤ᠂ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 2011 ᠡᠷᠦᠬᠡ ᠦᠭᠡᠷᠡᠴᠢᠯᠡᠨ᠎ᠡ︔ ᠨᠠᠮ ᠤᠨ ᠪᠠᠶᠢᠭᠤᠯᠤᠯᠲᠠ ᠶᠢ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ᠂ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ | ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠤᠨ᠂ ᠤᠷᠤᠰᠢᠨ ᠰᠠᠭᠤᠬᠤ ᠳᠤ ᠲᠤᠬᠢᠷᠠᠮᠵᠢᠲᠠᠢ ᠦᠢᠯᠡᠰ | ᠪᠤᠰᠬᠠᠬᠤ ᠳᠤ ᠲᠤᠬᠢᠷᠠᠮᠵᠢᠲᠠᠢ ᠡᠶ᠎ᠡ ᠨᠠᠶᠢᠷᠠᠮᠳᠠᠭᠤ ᠰᠠᠶᠢᠬᠠᠨ ᠰᠢᠶᠠᠩ ᠪᠠᠯᠭᠠᠰᠤ ᠶᠢ 1᠂ ᠭᠠᠴᠠᠭ᠎ᠠ ᠲᠣᠰᠬᠤᠨ ᠢ 4 | ᠪᠠᠶᠢᠭᠤᠯᠤᠨ᠎ᠠ᠃ ᠂ ᠰᠠᠭᠤᠷᠢ ᠲᠥᠬᠦᠭᠡᠷᠦᠮᠵᠢ ᠶᠢ ᠬᠥᠳᠡᠭᠡ ᠲᠣᠰᠬᠤᠨ ᠲᠡᠰᠢ ᠤᠷᠲᠤᠳᠬᠠᠬᠤ ᠶᠢ ᠠᠬᠢᠭᠤᠯᠤᠨ᠎ᠠ᠃ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ | ᠭᠦᠨᠵᠡᠭᠡᠶ ᠠᠬᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠪᠠᠯᠠ ᠮᠥᠩᠭᠦ ᠶᠢ ᠵᠣᠯᠭᠠᠭᠤᠯᠬᠤ᠂ ᠪᠡᠭᠡᠵᠢᠩ ᠥᠪᠥᠷ ᠮᠣᠩᠭᠤᠯ ᠤᠨ ᠪᠠᠯᠠ ᠮᠥᠩᠭᠦ ᠶᠢᠨ ᠬᠡᠷᠡᠭᠯᠡᠯᠲᠡ | ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠪᠠᠷ | ᠬᠠᠪᠰᠤᠷᠤᠨ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠤᠨᠤᠴᠠᠲᠠᠢ ᠪᠠᠷ | ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠯᠲᠡ ᠶᠢ | ᠪᠠᠶᠢᠩᠭᠤᠵᠢᠭᠤᠯᠤᠨ ᠥᠷᠨᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ | ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ | ᠰᠠᠭᠤᠷᠢ ᠳᠠᠭᠠᠭᠠᠴᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠨᠠᠷᠢᠳ ᠤᠨ ᠭᠤᠣᠯ ᠢ ᠵᠠᠰᠠᠬᠤ | ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠥᠪᠥᠷ ᠮᠣᠩᠭᠤᠯ ᠤᠨ ᠤᠰᠤ ᠬᠠᠩᠭᠠᠬᠤ ᠲᠦᠩᠯᠢᠶᠣᠤ ᠶᠢᠨ ᠰᠠᠯᠪᠤᠷᠢ | ᠱᠤᠭᠤᠮ ᠤᠨ ᠢᠨᠵᠧᠨᠧᠷᠢᠩ ︵ᠨᠠᠢᠮᠠᠨ ᠤ ᠬᠡᠰᠡᠭ︶ ᠢ ᠬᠠᠮᠵᠢᠯᠴᠠᠨ ᠪᠡᠶᠡᠯᠡᠭᠦᠯᠦᠨ᠎ᠡ᠃ 66 ᠺᠢᠯᠤᠸᠠᠲ ᠤᠨ | ᠴᠠᠬᠢᠯᠭᠠᠨ ᠬᠤᠪᠢᠰᠬᠠᠬᠤ ᠥᠷᠲᠡᠭᠡ ᠶᠢ 6 ᠰᠠᠭᠤᠷᠢ᠂ 10 ᠺᠢᠯᠤᠸᠠᠲ ᠤᠨ ᠬᠡᠯᠬᠢᠶ᠎ᠡ ᠶᠢ 189 ᠺᠢᠯᠣᠮᠧᠲᠷ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠵᠤ᠂ ᠴᠠᠬᠢᠯᠭᠠᠨ ᠬᠠᠩᠭᠠᠬᠤ ᠴᠢᠳᠠᠪᠤᠷᠢ ᠶᠢ 4.3 ᠲᠦᠮᠡᠨ | ᠺᠢᠯᠤᠸᠠᠲ ᠠᠮᠫᠧᠷ ᠰᠢᠨ᠎ᠡ ᠪᠠᠷ ᠨᠡᠮᠡᠭᠳᠡᠭᠦᠯᠦᠨ᠎ᠡ᠃ 87 ᠺᠢᠯᠣᠮᠧᠲᠷ ᠵᠠᠰᠠᠮᠠᠯ ᠵᠠᠮ ᠢ ᠨᠡᠪᠲᠡᠷᠡᠭᠦᠯᠵᠦ᠂ ᠳ᠋ᠠ ᠾᠧ | ᠱᠤᠭᠤᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ 5G ᠶᠢᠨ ᠰᠠᠭᠤᠷᠢ ᠥᠷᠲᠡᠭᠡ ᠶᠢ | 50 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠴᠠᠷᠠᠰᠤ — ᠢ ᠯᠦᠩ ᠶᠦᠩ ᠰᠢᠲᠠᠮᠠᠬᠠᠢ ᠬᠡᠢ ᠳᠠᠮᠵᠢᠭᠤᠯᠬᠤ | ᠬᠤᠭᠤᠯᠠᠢ᠂ ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠯᠪᠤᠷᠢ ᠱᠤᠭᠤᠮ ᠤᠨ | ᠢᠨᠵᠧᠨᠧᠷᠢᠩ ᠤᠨ ᠲᠣᠣᠷ ᠬᠤᠯᠪᠣᠨ ᠬᠡᠢ ᠨᠡᠪᠲᠡᠷᠡᠭᠦᠯᠬᠦ ᠶᠢ ᠪᠠᠲᠤᠯᠠᠵᠤ᠂ ᠬᠦᠷᠢᠶᠡᠯᠡᠩ ᠲᠣᠭᠤᠷᠢᠭ ᠤᠨ ᠵᠠᠮ ᠢ 37. | 7 ᠺᠢᠯᠤᠮᠧᠲᠷ ᠰᠢᠨ᠎ᠡ ᠪᠠᠷ ᠵᠠᠰᠠᠵᠤ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 68 ᠺᠢᠯᠤᠮᠧᠲᠷ ᠳᠡᠪᠢᠰᠦᠨ᠎ᠡ᠃ | ᠪᠠᠶᠢᠭᠠᠯᠢ ᠶᠢᠨ ᠬᠤᠵᠢᠷ ᠮᠠᠯᠲᠠᠬᠤ ᠡᠷᠬᠡ ᠶᠢ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠵᠦ᠂ ᠪᠠᠶᠢᠭᠠᠯᠢ ᠶᠢᠨ ᠬᠤᠵᠢᠷ | ᠪᠣᠯᠪᠠᠰᠤᠷᠠᠭᠤᠯᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ | ︵ᠵᠢᠷᠭᠤᠭ᠎ᠠ︶ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠦᠷᠲᠡᠭᠡᠨ᠎ᠡ᠃ | ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠥᠷᠥ ᠶᠢᠨ ᠪᠣᠳᠣᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ | ᠦᠢᠯᠡᠴᠢᠯᠡᠭᠡᠨ ᠤ ᠵᠢᠯᠣᠭᠤᠳᠣᠯᠭ᠎ᠠ ᠶᠢ ᠴᠢᠩᠭᠠᠳᠬᠠᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠤᠨᠤᠴᠠᠲᠠᠢ ᠵᠣᠯᠭᠠᠭᠤᠯᠵᠤ᠂ 1600 ᠬᠥᠮᠦᠨ ᠤᠳᠠᠭ᠎ᠠ ᠶᠢᠨ ᠬᠥᠳᠡᠯᠮᠦᠷᠢ ᠶᠢᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠢ ᠪᠡᠶᠡᠯᠡᠭᠦᠯᠦᠨ᠂ ᠬᠤᠲᠠ ᠪᠠᠯᠭᠠᠰᠤ ᠶᠢᠨ 900 ᠬᠥᠮᠦᠨ ᠳᠤ ᠰᠢᠨ᠎ᠡ ᠪᠠᠷ ᠠᠵᠢᠯ | ᠣᠯᠭᠤᠵᠤ᠂ 6 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠠᠵᠢᠯ | ᠤᠯᠤᠭᠠᠳᠤᠢ ᠬᠦᠮᠦᠨ ᠲᠠᠢ ᠬᠡᠷ ᠪᠦᠯᠢ ᠶᠢ ᠬᠥᠳᠡᠯᠦᠩᠭᠦᠶ ᠪᠠᠷ ᠥᠬᠡᠶ ᠪᠣᠯᠭᠠᠬᠤ ᠶᠢ ᠪᠠᠲᠤᠯᠠᠨ᠎ᠠ᠃ ᠭᠤᠣᠯᠳᠠᠯᠭ᠎ᠠ ᠲᠠᠢ | ᠬᠠᠮᠲᠤᠯᠢᠭ ᠤᠨ ᠠᠵᠢᠯ ᠣᠯᠭᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠡᠷᠢᠭ ᠠᠴᠠ | ᠬᠠᠯᠠᠭᠳᠠᠭᠰᠠᠳ ᠲᠤ ᠠᠵᠢᠯ ᠣᠯᠭᠤᠨ ᠳᠦᠪᠬᠢᠨᠡᠭᠦᠯᠬᠦ ᠠᠵᠢᠯ ᠢ ᠰᠠᠶᠢᠲᠤᠷ ᠬᠢᠵᠦ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ 1936 ᠨᠡᠭᠡᠭᠡᠵᠦ᠂ ᠳᠡᠭᠡᠳᠦ ᠰᠤᠷᠭᠠᠭᠤᠯᠢ ᠲᠡᠭᠦᠰᠦᠭᠰᠡᠨ 200 ᠬᠥᠮᠦᠨ ᠳᠤ | ᠠᠵᠢᠯ ᠣᠯᠭᠤᠵᠤ᠂ 20 ᠵᠡᠮᠳᠡᠭᠴᠦᠳ ᠲᠤ ᠠᠵᠢᠯ ᠤᠯᠭᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ | ᠪᠠᠶᠢᠴᠠᠭᠠᠯᠲᠠ ᠶᠢ ᠴᠢᠩᠭᠠᠳᠬᠠᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠵᠥᠪᠳᠡᠯᠴᠡᠨ | ᠡᠶᠡᠳᠡᠭᠦᠯᠬᠦ ᠠᠵᠢᠯ ᠢ ᠰᠠᠶᠢᠲᠤᠷ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠴᠠᠯᠢᠩ ᠥᠷᠢᠲᠦᠬᠦ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠬᠥᠯᠥᠰᠥᠨ ᠠᠵᠢᠯᠴᠢᠨ ᠤ ︽ᠵᠣᠭᠤᠰᠣᠨ ᠤᠭᠤᠲᠠ︾ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠲᠠᠪᠤᠳᠤᠭᠠᠷ ᠪᠠᠭ᠎ᠠ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ ᠢ ᠡᠬᠢᠯᠡᠨ ᠪᠦᠲᠦᠭᠡᠨ ᠪᠠᠶᠢᠭᠤᠯᠤᠨ᠎ᠠ︔ ᠭᠤᠷᠪᠠᠳᠤᠭᠠᠷ ᠬᠡᠦᠬᠡᠳ ᠤᠨ ᠴᠡᠴᠡᠷᠯᠢᠭ ᠢ | ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ ᠦᠨᠡᠨᠬᠦ ᠪᠠᠲᠤᠯᠠᠵᠤ᠂ ᠴᠡᠴᠡᠷᠯᠢᠭ ᠤᠨ ᠤᠷᠤ ᠶᠢ ᠰᠢᠨ᠎ᠡ ᠪᠠᠷ 360 | ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠡᠴᠡᠷᠯᠢᠭ ᠢ 2 ᠪᠠᠶᠢᠭᠤᠯᠤᠨ᠂ ᠬᠤᠲᠠ ᠶᠢᠨ | ᠱᠠᠲᠤᠨ ᠤ ᠵᠢᠱᠢᠶ᠎ᠡ ᠦᠵᠡᠭᠦᠯᠬᠦ ᠴᠡᠴᠡᠷᠯᠢᠭ ᠢ 2 ᠡᠭᠦᠳᠦᠨ ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠲᠥᠪᠯᠡᠷᠡᠭᠦᠯᠦᠨ᠂ ᠨᠡᠪᠲᠡᠷᠡᠭᠦᠯᠵᠦ ᠨᠢᠭᠡ ᠴᠣᠭᠴᠠᠵᠢᠭᠤᠯᠤᠨ ᠬᠥᠮᠦᠵᠢᠭᠦᠯᠬᠦ ᠶᠢ | ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠢᠯᠡᠳᠪᠦᠷᠢᠯᠡᠯ ᠵᠢᠭᠠᠨ | ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠠᠵᠤ ᠦᠢᠯᠡᠳᠪᠦᠷᠢ | ᠰᠤᠷᠭᠠᠭᠤᠯᠢ ᠤᠶᠠᠯᠳᠤᠬᠤ ᠶᠢ ᠴᠢᠩᠭᠠᠳᠬᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠰᠢᠯᠢᠳᠡᠭ ᠢ ᠪᠤᠶᠢᠵᠢᠭᠤᠯᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠶᠢ ᠳᠡᠯᠭᠡᠷᠡᠭᠦᠯᠦᠨ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠦᠨ᠎ᠡ᠃ ᠰᠤᠷᠭᠠᠨ | ᠬᠥᠮᠦᠵᠢᠯ ᠤᠨ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠢᠴᠢᠭ ᠵᠢᠭᠠᠵᠤ ᠬᠥᠮᠦᠨ ᠢ | ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠢ | ᠴᠢᠩᠭᠠᠳᠬᠠᠵᠤ᠂ ᠪᠠᠭᠰᠢ ᠶᠢ ᠬᠦᠨᠳᠦᠳᠬᠡᠵᠦ ᠪᠠᠭᠰᠢ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ | ᠡᠩᠨᠡᠭᠡ ᠶᠢ ᠪᠠᠶᠢᠭᠤᠯᠤᠨ᠎ᠠ᠃ ︽ᠳᠥᠷᠪᠡᠨ ᠵᠠᠭᠤᠨ ᠤ ᠵᠠᠭᠤ︾ ᠶᠢᠨ ᠪᠠᠶᠢᠭᠤᠯᠤᠯᠲᠠ ᠶᠢ ᠪᠠᠬᠢᠵᠢᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠡᠷᠡᠭᠦᠯ ᠮᠡᠨᠳᠦ ᠨᠠᠢᠮᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶ᠎ᠠ ᠶᠢᠨ ᠰᠢᠨ᠎ᠡ ᠭᠠᠵᠠᠷ᠂ ᡁᠢ ᠠᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ | ᠡᠮᠨᠡᠯᠭᠡ ᠶᠢᠨ ᠠᠰᠠᠷ ᠢ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ︾ ᠶᠢᠨ | ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠤᠨ᠂ ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠱᠠᠲᠤ ᠬᠤᠪᠢᠶᠠᠨ ᠣᠨᠣᠰᠢᠯᠠᠨ | ᠡᠮᠨᠡᠬᠦ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠶᠡᠷᠦᠩᠬᠡᠶ ᠰᠠᠯᠠᠭᠠᠨ ᠤ ᠡᠮᠴᠢ ᠶᠢ | ᠶᠡᠬᠡᠪᠡᠷ ᠬᠥᠮᠦᠵᠢᠭᠦᠯᠦᠨ᠂ ᠣᠷᠣᠨ ᠪᠦᠰᠡ ᠶᠢᠨ ᠡᠮᠴᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ | ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠡᠮᠨᠡᠯᠭᠡ | ᠡᠷᠡᠭᠦᠯ ᠬᠠᠮᠠᠭᠠᠯᠠᠯ ᠤᠨ ᠳᠦᠷᠢᠮ ᠢ ᠨᠠᠶᠢᠳᠠᠪᠤᠷᠢᠵᠢᠭᠤᠯᠤᠨ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ | ᠬᠥᠭᠵᠢᠯᠲᠡ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠡᠪᠡᠳᠴᠢᠯᠡᠬᠦ ᠠᠴᠠ ᠡᠮᠦᠨ᠎ᠡ ᠵᠠᠰᠠᠬᠤ︾ ᠣᠶᠢᠯᠠᠭᠠᠭᠳᠠᠬᠤᠨ ᠢ | ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠲᠤᠬᠢᠷᠠᠬᠤ ᠮᠡᠷᠭᠡᠵᠢᠯ ᠢ ᠳᠡᠯᠭᠡᠷᠡᠭᠦᠯᠦᠨ᠂ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ | ᠪᠠᠯᠭᠠᠰᠤ ᠶᠢ 6 ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠬᠥᠭᠵᠢᠭᠦᠯᠵᠦ᠂ ᠠᠷᠠᠳ | ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠦᠨ᠎ᠡ᠃ | ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠪᠦᠬᠦ ᠤᠯᠤᠰ ᠤᠨ ᠳᠥᠷᠪᠡᠳᠦᠭᠡᠷ | ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠡᠷᠴᠢᠮ ᠢᠶᠠᠨ ᠴᠢᠩᠭᠠᠷᠠᠭᠤᠯᠵᠤ᠂ ᠪᠣᠳᠠᠰ ᠤᠨ ᠪᠤᠰᠤ | ᠰᠣᠶᠣᠯ ᠤᠨ ᠥᠪ ᠤᠨ ᠡᠬᠢ ᠪᠠᠶᠠᠯᠢᠭ ᠢ ᠠᠭᠤᠳᠠᠯᠤᠨ ᠡᠮᠬᠢᠯᠡᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ 4 ᠭᠤᠶᠤᠴᠢᠯᠠᠨ | ᠮᠡᠳᠡᠭᠦᠯᠬᠦ ᠪᠠᠷ ᠴᠢᠷᠮᠠᠶᠢᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ | ᠨᠠᠶᠢᠳᠠᠪᠤᠷᠢᠵᠢᠭᠤᠯᠤᠨ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠠ ᠬᠠᠪᠰᠤᠷᠤᠨ ᠵᠢᠯᠣᠭᠤᠳᠣᠯᠭ᠎ᠠ ᠶᠢ | ᠥᠷᠭᠡᠨ ᠢᠶᠠᠷ ᠥᠷᠨᠢᠭᠦᠯᠵᠦ᠂ ᠠᠷᠠᠳ ᠤᠨ ᠤᠳᠬ᠎ᠠ ᠤᠷᠠᠯᠢᠭ ᠤᠨ ᠪᠦᠯᠬᠦᠮ ᠤᠨ ᠬᠥᠭᠵᠢᠯᠲᠡ ᠶᠢ ᠲᠡᠳᠬᠦᠨ | ᠳᠡᠮᠵᠢᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 300 ᠤᠳᠠᠭ᠎ᠠ ᠠᠴᠠ ᠳᠡᠭᠡᠭᠰᠢ | ᠡᠷᠬᠢᠯᠡᠨ᠎ᠡ︔ ︽ᠤᠮᠠᠷᠠᠲᠤ ᠬᠢᠯᠢ ᠶᠢᠨ ᠰᠣᠶᠣᠯ︾ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ | ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ ᠳᠡᠮᠵᠢᠵᠦ᠂ ᠨᠢᠭᠡ ᠪᠦᠯᠦᠭ | ᠭᠤᠣᠯ ᠬᠦᠭ ᠠᠶᠠᠰ ᠢ ᠴᠢᠪᠬᠠᠳᠠᠭᠰᠠᠨ᠂ ᠢᠳᠡᠪᠬᠢ ᠬᠦᠴᠦᠨ ᠢ ᠤᠯᠠᠮᠵᠢᠯᠠᠭᠰᠠᠨ ᠤᠳᠬ᠎ᠠ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠨ᠎ᠡ᠃ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠤᠩᠰᠢᠯᠭ᠎ᠠ ᠶᠢᠨ ᠣᠷᠣᠨ ᠵᠠᠢ ᠶᠢ ᠥᠷᠭᠡᠨ ᠢᠶᠠᠷ ᠥᠷᠭᠡᠳᠬᠡᠨ᠂ ᠪᠦᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠢᠴᠢᠭ ᠤᠨ ᠰᠤᠷᠪᠤᠯᠵᠢᠲᠤ ᠨᠡᠶᠢᠭᠡᠮ ᠢ ᠲᠦᠷᠭᠡᠪᠴᠢᠯᠡᠨ ᠪᠠᠶᠢᠭᠤᠯᠤᠨ᠎ᠠ | ᠃ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠬᠲᠠ ᠰᠦᠯᠵᠢᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ | ᠂ ᠨᠡᠶᠢᠭᠡᠮ ᠤᠨ ᠳᠠᠭᠠᠳᠬᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ | ᠦᠨᠳᠦᠰᠦᠨ ᠨᠠᠰᠤᠵᠢᠯ ᠤᠨ ᠳᠠᠭᠠᠳᠬᠠᠯ ᠤᠨ ︽ᠲᠣᠰᠬᠤᠨ ᠪᠣᠯᠭᠠᠨ ᠢ ᠬᠠᠮᠤᠷᠬᠤ︾ ᠢᠨᠵᠧᠨᠧᠷᠢᠩ ᠢ ᠯᠠᠪᠳᠠᠭᠤᠨ | ᠪᠠᠲᠤᠲᠠᠶ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ | ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠣᠷᠣᠯᠭ᠎ᠠ ᠪᠠᠭᠠᠲᠠᠶ ᠬᠥᠮᠦᠨ ᠠᠮᠠ ᠶᠢ | ᠬᠥᠳᠡᠯᠦᠩᠭᠦᠶ ᠪᠠᠷ ᠬᠢᠨᠠᠨ ᠰᠢᠨᠵᠢᠬᠦ ᠶᠢ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠢ ᠦᠨᠡᠨᠬᠦ ᠪᠠᠲᠤᠯᠠᠨ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠪᠠᠷ | ᠬᠠᠪᠰᠤᠷᠤᠨ ᠲᠡᠳᠬᠦᠬᠦ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠵᠦ᠂ ᠲᠠᠰ ᠳᠠᠪᠬᠤᠷᠭ᠎ᠠ | ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢ ᠪᠠᠶᠢᠭᠤᠯᠤᠨ᠎ᠠ᠃ ᠨᠠᠰᠤᠵᠢᠯ ᠤᠨ | ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠵᠤ᠂ ᠬᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ | ᠴᠢᠳᠠᠮᠵᠢ ᠶᠢ ᠦᠷᠭᠡᠳᠭᠡᠨ᠂ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ 3 ᠪᠠᠶᠢᠭᠤᠯᠵᠤ᠂ ᠨᠠᠰᠤᠲᠠᠨ ᠢ ᠠᠰᠠᠷᠠᠬᠤ | ᠬᠦᠷᠢᠶᠡᠯᠡᠩ ᠢ 3᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 61 | ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠳᠤᠲᠠᠭᠤᠳᠠᠯ ᠢ ᠲᠦᠷᠭᠡᠪᠴᠢᠯᠡᠨ ᠨᠦᠭᠦᠪᠦᠷᠢᠯᠡᠨ᠎ᠡ᠃ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ︽ᠠᠨᠠᠷ ᠤᠨ ᠦᠷ᠎ᠡ︾ ᠶᠢᠨ ᠬᠡᠦᠬᠡᠳ | ᠰᠠᠭᠠᠲᠠᠭᠤᠯᠬᠤ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠰᠢᠨ᠎ᠡ ᠪᠠᠷ 2 ᠪᠤᠶᠢᠵᠢᠭᠤᠯᠵᠤ᠂ ᠨᠡᠶᠢᠭᠡᠮ ᠲᠣᠭᠤᠷᠢᠭ ᠤᠨ | ᠰᠢᠭᠢᠳᠬᠡᠯᠳᠦ ᠮᠠᠶ᠋ᠢᠭ ᠤᠨ ᠬᠡᠦᠬᠡᠳ ᠰᠠᠭᠠᠲᠠᠭᠤᠯᠬᠤ ᠬᠡᠦᠬᠡᠳ ᠪᠤᠶᠢᠵᠢᠭᠤᠯᠬᠤ᠂ ᠭᠡᠷ ᠪᠦᠯᠢ ᠶᠢᠨ ᠬᠡᠦᠬᠡᠳ | ᠰᠠᠭᠠᠲᠠᠭᠤᠯᠬᠤ ᠴᠡᠭ ᠵᠡᠷᠭᠡ ᠵᠠᠭᠪᠤᠷ ᠢ ᠳᠡᠯᠭᠡᠷᠡᠭᠦᠯᠵᠦ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠡᠮᠡᠭᠲᠡᠶᠢᠴᠦᠳ ᠬᠡᠦᠬᠡᠳ ᠤᠨ ︽ᠬᠤᠶᠠᠷ | ᠲᠥᠯᠥᠪᠵᠢᠭᠦᠯᠭᠡ︾ ᠶᠢᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠴᠡᠷᠢᠭ ᠬᠥᠮᠥᠨ ᠴᠡᠷᠢᠭ ᠤᠨ ᠭᠡᠷ | ᠪᠦᠯᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ | ᠦᠵᠡᠭᠦᠯᠬᠦ ᠠᠵᠢᠯ ᠢ ᠰᠠᠶᠢᠲᠤᠷ ᠬᠢᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡ ᠶᠢ ᠪᠦᠷᠢᠨᠰᠢᠬᠦᠯᠦᠨ᠂ ᠣᠷᠣᠰᠢᠭᠤᠯᠭ᠎ᠠ ᠶᠢᠨ ᠬᠦᠷᠢᠶᠡᠨ ᠳᠠᠬᠢ | ᠢᠯᠵᠠᠷᠠᠮᠠᠯ ᠦᠵᠡᠭᠳᠡᠯ ᠢ ᠴᠡᠭᠴᠡᠯᠡᠨ ᠵᠠᠰᠠᠨ᠎ᠠ᠃ ᠡᠮᠡᠭᠲᠡᠶᠢᠴᠦᠳ ᠬᠡᠦᠬᠡᠳ ᠤᠨ ︽ᠬᠤᠶᠠᠷ ᠲᠥᠯᠥᠪᠵᠢᠭᠦᠯᠭᠡ︾ ᠶᠢᠨ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ︵ᠳᠣᠯᠤᠭ᠎ᠠ︶ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠭᠵᠢᠯᠲᠡ ᠪᠠ | ᠠᠮᠤᠷ ᠲᠦᠪᠰᠢᠨ ᠭᠡᠬᠦ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠥᠷᠢ ᠥᠭᠴᠡᠭᠡ ᠠᠷᠢᠯᠭᠠᠬᠤ | ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠦᠯᠡᠳᠡᠭᠡᠯ ᠥᠷᠢ ᠥᠭᠴᠡᠭᠡ ᠶᠢ | ᠠᠷᠢᠯᠭᠠᠬᠤ ᠡᠷᠴᠢᠮ ᠢᠶᠠᠨ ᠴᠢᠩᠭᠠᠷᠠᠭᠤᠯᠤᠨ᠂ ᠳᠠᠯᠳᠠ ᠥᠷᠢ ᠥᠭᠴᠡᠭᠡ ᠰᠢᠨ᠎ᠡ ᠪᠠᠷ ᠨᠡᠮᠡᠭᠳᠡᠬᠦ ᠶᠢ ᠡᠷᠡᠰ | ᠰᠡᠷᠭᠡᠶᠢᠯᠡᠵᠦ᠂ ᠣᠨ ᠤ ᠥᠷᠢ ᠥᠭᠴᠡᠭᠡ ᠠᠷᠢᠯᠭᠠᠬᠤ ᠡᠭᠦᠷᠭᠡ ᠪᠠᠨ ᠪᠡᠶᠡᠯᠡᠭᠦᠯᠦᠨ᠎ᠡ᠃ ᠣᠷᠣᠨ ᠨᠤᠲᠤᠭ ᠤᠨ | ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠠᠰᠠᠭᠤᠳᠠᠯ ᠪᠠ ᠡᠳ᠋ ᠬᠥᠷᠥᠩᠭᠡ ᠶᠢ ᠢᠯᠭᠠᠷᠠᠭᠤᠯᠤᠨ | ᠬᠤᠷᠢᠶᠠᠵᠤ ᠰᠢᠢᠳᠪᠦᠷᠢᠯᠡᠬᠦ ᠡᠷᠴᠢᠮ ᠢ ᠦᠷᠭᠦᠯᠵᠢᠯᠡᠨ ᠠᠬᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠰᠠᠬᠢᠨ᠎ᠠ᠃ ᠬᠦᠨᠳᠦ ᠶᠡᠭᠡ ᠭᠡᠨᠡᠳᠲᠡ ᠡᠭᠦᠰᠬᠦ | ᠣᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ᠂ ᠪᠠᠴᠢᠮ | ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠪᠠ ᠡᠳ᠋ ᠪᠠᠷᠠᠭ᠎ᠠ ᠨᠥᠭᠡᠴᠡᠯᠡᠬᠦ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠣᠶᠤᠨᠴᠢ ᠲᠠᠪᠴᠠᠩ ᠤᠨ ᠴᠢᠳᠠᠮᠵᠢ ᠪᠠ ᠬᠡᠷᠡᠭᠯᠡᠭᠡᠨ ᠤ | ᠬᠡᠪᠴᠢᠶ᠎ᠡ ᠶᠢ ᠥᠷᠭᠡᠳᠬᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠲᠤᠷᠠᠭᠰᠠᠨ ᠦᠢᠯᠡᠴᠢᠯᠡᠭᠡᠨ ᠤ | ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠴᠠᠭ ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠤᠷᠢᠳᠴᠢᠯᠠᠨ | ᠮᠡᠳᠡᠭᠡᠯᠡᠬᠦ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ | ᠣᠯᠠᠨ ᠨᠡᠶᠢᠲᠡ ᠶᠢᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ | ᠠᠵᠤ ᠠᠬᠤᠶᠢᠯᠠᠯ ᠢ 30 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠢᠳᠡᠭᠡᠨ ᠪᠠ | ᠡᠮ ᠤᠨ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠭᠡᠵᠦ᠂ ᠣᠯᠠᠨ | ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤ ᠰᠠᠬᠢᠨ᠎ᠠ᠃ ᠠᠮᠤᠷ ᠲᠥᠪᠰᠢᠨ ᠤ ᠰᠡᠷᠭᠡᠶᠢᠯᠡᠨ | ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠮᠠᠶ᠋ᠢᠭ ᠤᠨ ᠴᠠᠭᠳᠠᠭᠠᠨ ᠤ ᠶᠠᠪᠤᠳᠠᠯ ᠤᠨ | ᠠᠵᠢᠯᠯᠠᠭᠠᠨ ᠤ ᠵᠠᠭᠪᠤᠷ ᠢ ᠲᠡᠭᠦᠯᠳᠡᠷᠵᠢᠭᠦᠯᠵᠦ᠂ ᠰᠦᠯᠵᠢᠶᠡᠨ ᠤ ᠠᠮᠤᠷ ᠲᠥᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ | ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠣᠯᠠᠨ ᠲᠦᠮᠡᠨ ᠤ ᠲᠤᠰᠬᠠᠯ ᠴᠢᠩᠭ᠎ᠠ | ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠣᠯᠠᠨ ᠲᠦᠮᠡᠨ ᠤ | ᠠᠮᠤᠷ ᠲᠦᠪᠰᠢᠨ ᠤ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠵᠤ᠂ ︽ᠹᠧᠩ ᠴᠢᠶᠣᠤ ᠶᠢᠨ ᠲᠤᠷᠰᠢᠯᠭ᠎ᠠ︾᠂ ︽ᠫᠦ᠋ | ᠵᠢᠶᠠᠩ ᠤᠨ ᠲᠤᠷᠰᠢᠯᠭ᠎ᠠ︾ ᠶᠢ ᠭᠦᠨᠵᠡᠭᠡᠶ ᠦᠢᠯᠡᠳᠦᠯᠭᠡᠵᠢᠭᠦᠯᠵᠦ᠂ ᠤᠳᠤᠷᠢᠳᠬᠤ ᠺᠠᠳ᠋ᠷᠴᠤᠳ ᠤᠨ | ᠰᠤᠷᠪᠤᠯᠵᠢᠯᠠᠭ᠎ᠠ ᠶᠢ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠠᠶᠢᠩᠭᠤᠵᠢᠭᠤᠯᠬᠤ ᠶᠢ | ᠠᠬᠢᠭᠤᠯᠵᠤ᠂ ︽ᠵᠠᠷᠭᠤ ᠦᠭᠡᠢ ᠰᠤᠷᠪᠤᠷᠵᠢᠯᠠᠭᠠ ᠦᠭᠡᠢ︾ ᠭᠠᠴᠠᠭ᠎ᠠ ᠲᠣᠰᠬᠤᠨ ᠤ ︽ᠬᠤᠶᠠᠷ ᠢ ᠪᠠᠶᠢᠭᠤᠯᠬᠤ︾ | ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ︽ᠨᠠᠢᠮᠠᠳᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠲᠡᠭᠦᠰᠭᠡᠯ ᠤᠨ ᠪᠠᠶᠢᠯᠳᠤᠭᠠᠨ ᠢ ᠰᠠᠶᠢᠲᠤᠷ ᠬᠢᠨ᠎ᠡ᠃ ᠬᠠᠤᠯᠢ ᠪᠠᠷ | ᠬᠤᠰᠢᠭᠤ ᠪᠠᠨ ᠵᠠᠰᠠᠬᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ | ᠴᠢᠩᠭᠠᠳᠬᠠᠵᠤ᠂ ︽ᠵᠠᠰᠠᠭ ᠤᠨ ᠣᠷᠳᠣᠨ ᠰᠢᠭᠦᠬᠦ ᠬᠤᠷᠢᠶ᠎ᠠ ᠬᠤᠯᠪᠣᠭᠠᠯᠠᠨ ᠬᠥᠳᠡᠯᠦᠯᠴᠡᠬᠦ︾᠂ ︽ᠳᠥᠷᠪᠡᠨ | ᠭᠠᠵᠠᠷ ᠨᠢᠭᠡ ᠲᠢᠩᠬᠢᠮ︾ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠵᠠᠰᠠᠯᠲᠠ ᠶᠢ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ᠲᠥᠯᠥᠭᠡᠯᠡᠭᠴᠢᠳ ᠡ︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠃ | ᠪᠢᠳᠡ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠲᠥᠯᠥᠪᠯᠡᠭᠡ︾ ᠶᠢ ᠭᠦᠨᠵᠡᠭᠡᠶ | ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠥᠬᠡᠶ | ᠳᠡᠯᠭᠡᠷᠡᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠩ | ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ ᠪᠤᠯᠭᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠵᠠᠰᠠᠭ ᠤᠨ | ᠣᠷᠳᠣᠨ ᠤ ᠠᠵᠢᠯ ᠳᠤ ᠭᠠᠭᠴᠠ ᠬᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠲᠦᠪᠰᠢᠨ ᠢ ᠲᠦᠷᠭᠡᠳᠬᠡᠨ ᠳᠡᠭᠡᠭᠰᠢᠯᠡᠭᠦᠯᠪᠡᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠢ | ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ | ᠤᠯᠤᠰ ᠲᠥᠷᠥ ᠶᠢᠨ ᠵᠢᠯᠤᠭᠤᠳᠤᠯᠭ᠎ᠠ ᠶᠢ ᠳᠣᠪᠤᠶᠢᠯᠭᠠᠨ᠎ᠠ᠃ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠪᠣᠯᠤᠨ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢ ᠲᠣᠭᠤᠷᠢᠨ ᠪᠠᠶᠢᠴᠠᠭᠠᠬᠤ᠂ ᠠᠵᠤ ᠠᠬᠤᠢ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ | ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠡᠷᠡᠭᠵᠢᠭᠦᠯᠦᠭᠴᠢ᠂ ᠠᠵᠢᠯᠯᠠᠭ᠎ᠠ ᠶᠢᠨ ᠪᠦᠯᠦᠭᠯᠡᠯ᠂ ᠪᠣᠳᠠᠲᠠᠢ ᠠᠵᠢᠯᠯᠠᠭᠴᠢ ᠪᠤᠯᠤᠨ᠎ᠠ᠃ ᠠᠷᠠᠳ ᠤᠨ ᠵᠠᠰᠠᠭ ᠤᠨ | ᠣᠷᠳᠣᠨ ᠤ ᠡᠮᠦᠨᠡᠬᠢ ︽ᠠᠷᠠᠳ ᠲᠦᠮᠡᠨ︾ ᠭᠡᠬᠦ ᠬᠤᠶᠠᠷ ᠥᠰᠥᠭ ᠢ ᠴᠠᠭ ᠢᠮᠠᠭᠲᠠ ᠪᠠᠲᠤ ᠴᠡᠭᠡᠵᠢᠯᠡᠵᠦ᠂ | ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠦᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠲᠣᠬᠢᠷᠠᠭᠤᠯᠤᠯᠲᠠ ᠲᠠᠢ᠂ ᠵᠠᠰᠠᠭ ᠤᠨ | ᠣᠷᠳᠣᠨ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠡᠷᠴᠢᠮ ᠲᠠᠢ ᠪᠠᠶᠢᠬᠤ ᠶᠢ ᠪᠡᠶᠡᠯᠡᠭᠦᠯᠦᠨ᠎ᠡ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠪᠠᠶᠢᠭᠠᠯᠢ ᠶᠢᠨ ᠡᠬᠢ | ᠪᠠᠶᠠᠯᠢᠭ᠂ ᠠᠮᠢ ᠠᠬᠤᠶ ᠣᠷᠴᠢᠨ ᠲᠣᠭᠤᠷᠢᠨ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠨᠠᠢᠮᠠᠨ ᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦᠨ ᠤ ᠠᠮᠢ ᠠᠬᠤᠶ ᠶᠢᠨ ᠰᠠᠭᠤᠷᠢ ᠶᠢ ᠰᠠᠶᠢᠲᠤᠷ ᠰᠠᠬᠢᠨ ᠬᠠᠮᠠᠭᠠᠯᠠᠨ᠎ᠠ᠃ ᠡᠷᠬᠡ ᠪᠠᠶᠢᠪᠠᠯ ᠵᠠᠪᠠᠯ | ᠬᠠᠷᠢᠭᠤᠴᠠᠯᠭ᠎ᠠ ᠲᠠᠢ ᠪᠠᠶᠢᠬᠤ᠂ ᠡᠷᠬᠡ ᠪᠠᠨ ᠬᠡᠷᠡᠭᠯᠡᠬᠦ ᠳᠤ ᠬᠢᠨᠠᠯᠲᠠ ᠬᠦᠯᠢᠶᠡᠬᠦ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠬᠢᠨ᠎ᠡ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠮᠠᠯᠠᠯᠲᠠ ᠶᠢ ᠡᠷᠡᠰ | ᠪᠡᠶᠡᠯᠡᠭᠦᠯᠵᠦ᠂ ᠰᠢᠨ᠎ᠡ ᠳᠠᠷᠤᠭ᠎ᠠ ᠬᠠᠭᠤᠴᠢᠨ ᠳᠠᠩᠰᠠ ᠶᠢ ᠬᠠᠮᠢᠶᠠᠷᠬᠤ ᠦᠭᠡᠢ ᠶᠢ ᠡᠷᠡᠰ ᠬᠤᠷᠢᠭᠯᠠᠵᠤ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠪᠠᠷ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ | ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠬᠦᠲᠦᠯᠦᠨ ᠳᠠᠭᠠᠭᠤᠯᠤᠨ᠎ᠠ᠃ | ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠤᠨ᠎ᠠ᠃ ᠡᠭᠦᠷᠭᠡᠯᠡᠯ ᠢᠶᠠᠨ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠵᠤ᠂ ᠬᠡᠯᠡᠬᠦ ᠶᠣᠰᠣᠲᠠᠢ ᠦᠭᠡ ᠪᠠᠨ ᠬᠡᠯᠡᠵᠦ᠂ ᠬᠢᠬᠦ ᠶᠣᠰᠣᠲᠠᠢ ᠶᠠᠪᠤᠳᠠᠯ ᠢᠶᠠᠨ ᠬᠢᠵᠦ᠂ | ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠪᠠᠨ ᠡᠭᠦᠷᠭᠡᠯᠡᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ | ᠣᠷᠳᠣᠨ ᠤ ᠠᠵᠢᠯ ᠤᠨ ᠢᠯᠡ ᠲᠣᠳᠣ ᠣᠨᠴᠠᠯᠢᠭ ᠪᠣᠯᠭᠠᠵᠤ᠂ ᠪᠣᠳᠠᠲᠠᠶ ᠠᠵᠢᠯᠯᠠᠬᠤ ᠶᠢ ᠴᠢᠬᠤᠯᠠᠴᠢᠯᠠᠨ᠂ ᠪᠣᠳᠠᠲᠠᠶ | ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠲᠣᠭᠲᠠᠭᠠᠭᠰᠠᠨ ᠪᠤᠯ ᠵᠠᠪᠠᠯ ᠬᠢᠵᠦ᠂ ᠬᠢᠭᠰᠡᠨ ᠪᠤᠯ | ᠰᠠᠶᠢᠬᠠᠨ ᠬᠢᠵᠤ᠂ ᠠᠵᠢᠯ ᠨᠢᠭᠡᠪᠦᠷᠢ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠨ᠎ᠠ᠃ ︽ᠳᠥᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠶᠢ ᠶᠡᠬᠡᠪᠡᠷ ᠥᠷᠨᠢᠭᠦᠯᠵᠦ᠂ ᠦᠨᠳᠦᠰᠦᠨ ᠱᠠᠲᠤᠨ ᠤ ᠨᠢᠭᠡᠳᠦᠭᠡᠷ | ᠹᠷᠣᠨᠲ ᠲᠤ ᠭᠦᠨᠵᠡᠭᠡᠶᠢᠷᠡᠵᠦ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ᠂ | ᠰᠤᠷᠭᠠᠨ ᠬᠥᠮᠦᠵᠢᠯ᠂ ᠣᠷᠣᠨ ᠰᠠᠭᠤᠴᠠ᠂ ᠡᠮᠴᠢᠯᠡᠭᠡ ᠵᠡᠷᠭᠡ ᠪᠣᠳᠠᠲᠠᠶ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠬᠦ ᠪᠠ ᠰᠠᠶᠢᠲᠤᠷ ᠰᠢᠢᠳᠪᠦᠷᠢᠯᠡᠵᠦ᠂ ᠪᠣᠳᠠᠲᠤ ᠪᠠᠶᠢᠳᠠᠯ ᠢ ᠪᠠᠶᠢᠴᠠᠭᠠᠬᠤ ᠳᠤ ︽ᠤᠨᠤᠪᠴᠢᠲᠠᠢ︾᠂ | ᠠᠵᠢᠯ ᠢ ᠠᠳᠬᠤᠬᠤ ᠳᠤ ︽ᠡᠷᠴᠢᠮᠲᠠᠢ︾ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ︽ᠬᠠᠯᠠᠭᠤᠨ | ᠳᠤᠯᠠᠭᠠᠨ︾ ᠪᠠᠶᠢᠬᠤ ᠶᠢ ᠪᠡᠶᠡᠯᠡᠭᠦᠯᠦᠨ᠎ᠡ᠃ | ᠠᠷᠢᠭᠤᠨ ᠴᠢᠭᠡᠴᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠠᠷᠢᠭᠤᠨ ᠴᠢᠬᠡᠴᠢ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠪᠡᠯᠡ ᠮᠥᠩᠭᠦ᠂ ᠤᠯᠠᠨ ᠨᠡᠶᠢᠲᠡ ᠶᠢᠨ | ᠲᠦᠷᠦᠯ ᠵᠦᠢᠯ᠂ ᠤᠯᠠᠨ ᠨᠡᠶᠢᠲᠡ ᠶᠢᠨ ᠪᠡᠯᠡ ᠣᠷᠣᠭᠤᠯᠤᠯᠲᠠ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠵᠡᠷᠭᠡ ︽ᠥᠨᠳᠥᠷ ᠲᠦᠭᠰᠢᠭᠦᠷᠢᠲᠦ ᠣᠷᠣᠨ︾ ᠢ ᠪᠠᠲᠤ ᠠᠩᠬᠠᠷᠴᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦ ᠶᠢᠨ ᠪᠤᠳᠤᠯᠭ᠎ᠠ ᠶᠢᠨ ᠨᠥᠬᠦᠪᠥᠷᠢ᠂ ᠳᠠᠭᠠᠭᠠᠴᠢᠯᠠᠯᠲᠠ | ᠵᠠᠷᠯᠠᠵᠤ ᠬᠤᠳᠠᠯᠳᠤᠨ ᠠᠪᠬᠤ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠵᠡᠷᠭᠡ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠨᠡᠶᠢᠲᠡ ᠶᠢᠨ ᠡᠷᠬᠡ ᠶᠢᠨ | ᠬᠢᠵᠠᠭᠠᠷᠯᠠᠯ ᠪᠠ ᠭᠤᠣᠯᠳᠠᠯᠭ᠎ᠠ ᠲᠠᠢ ᠬᠦᠷᠢᠶᠡᠨ ᠤ ᠡᠳ᠋ ᠤᠨ ᠵᠠᠰᠠᠭ ᠤᠨ ᠬᠢᠨᠠᠨ ᠪᠤᠳᠤᠯᠳᠠ ᠶᠢᠨ ᠬᠢᠨᠠᠯᠲᠠ ᠶᠢ | ᠴᠢᠩᠭᠠᠳᠬᠠᠵᠤ᠂ ᠡᠷᠬᠡ ᠶᠢᠨ ᠵᠢᠷᠤᠮᠵᠢᠯ ᠲᠠᠢ ᠢᠯᠡ ᠲᠣᠳᠣ ᠥᠨᠳᠥᠷ ᠪᠦᠲᠦᠮᠵᠢᠲᠡᠢ ᠠᠵᠢᠯᠯᠠᠭᠠᠨ ᠢ ᠠᠬᠢᠭᠤᠯᠤᠨ᠎ᠠ᠃ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ | ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠬᠤᠷᠠᠯ ᠪᠠᠭ᠎ᠠ ᠬᠢᠵᠦ᠂ ᠣᠬᠤᠷ ᠬᠤᠷᠠᠯ ᠬᠢᠵᠦ᠂ ᠠᠴᠢ ᠬᠤᠯᠪᠣᠭᠳᠠᠯ ᠥᠬᠡᠶ ᠬᠤᠷᠠᠯ ᠢ | ᠬᠢᠬᠦ ᠥᠬᠡᠶ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠨ᠂ ᠬᠢᠵᠠᠭᠠᠷ ᠲᠠᠢ ᠡᠬᠢ ᠪᠠᠶᠠᠯᠢᠭ ᠪᠠ | ᠡᠳ᠋ ᠤᠨ ᠬᠦᠴᠦᠨ ᠤ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ | ᠬᠡᠷᠡᠭᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ | ᠲᠥᠯᠥᠭᠡᠯᠡᠭᠴᠢᠳ ᠡ︕ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠤᠯᠬᠤᠷ ᠨᠡᠩ ᠢᠯᠡᠭᠦᠦ | ᠡᠷᠡᠮᠡᠬᠡᠶᠢᠯᠡᠨ ᠲᠡᠮᠡᠴᠡᠬᠦ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ | ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠨᠠᠢᠮᠠᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | | | ᠳᠠᠭᠠᠯᠳᠤᠭᠤᠯᠤᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢ | 1. ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠄ ᠨᠠᠮ ᠤᠨ ᠤᠯᠠᠨ ᠲᠦᠮᠡᠨᠴᠢ ᠱᠤᠭᠤᠮ ᠢ | ᠪᠠᠷᠢᠮᠲᠠᠯᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠤᠯᠠᠨ ᠲᠦᠮᠡᠨ ᠢ ᠭᠦᠢᠴᠡᠳ ᠲᠠᠶᠢᠴᠢᠯᠠᠨ᠂ | ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ ᠤᠯᠠᠨ ᠲᠦᠮᠡᠨ ᠤ ᠥᠪᠡᠷ ᠤᠨ ᠢᠶᠠᠨ | ᠶᠠᠪᠤᠳᠠᠯ ᠢᠶᠠᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ | ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠶᠢ ᠪᠡᠶᠡᠯᠡᠭᠦᠯᠬᠦ ᠶᠢ ᠵᠢᠭᠠᠵᠤ | ᠪᠠᠶᠢᠨ᠎ᠠ᠃ | 2. ︽ᠵᠢᠷᠭᠤᠭᠠᠨ ᠦᠭᠦᠯᠡᠪᠦᠷᠢ︾ ᠶᠢᠨ ᠪᠤᠳᠠᠳᠦ ᠶᠠᠪᠤᠳᠠᠯ ᠪᠠ ᠶᠤᠰᠤ ᠵᠦᠢ᠄ ᠦᠪᠦᠷ ᠮᠤᠩᠭᠤᠯ ᠤᠷᠤᠨ ᠪᠤᠯ | ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠮᠤᠭ ᠤᠨ ᠡᠷᠳᠡ ᠨᠠᠮ ᠤᠨ ᠵᠤᠬᠢᠶᠠᠨ ᠪᠠᠶᠢᠭᠤᠯᠤᠯᠳᠠ ᠶᠢ | ᠪᠠᠶᠢᠭᠤᠯᠤᠭᠰᠠᠨ ᠦᠨᠳᠦᠰᠦᠳᠡᠨ ᠤ ᠭᠠᠵᠠᠷ ᠤᠷᠤᠨ ᠮᠦᠨ︔ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠪᠤᠯ ᠨᠠᠮ ᠤᠨ ᠲᠦᠪ ᠬᠤᠷᠢᠶ᠎ᠠ ᠶᠢᠨ ᠰᠢᠭᠤᠳ ᠤᠳᠤᠷᠢᠳᠤᠯᠭ᠎ᠠ ᠲᠤᠤᠷ᠎ᠠ ᠪᠠᠶᠢᠭᠤᠯᠤᠭᠳᠠᠭᠰᠠᠨ ᠶᠤᠮ︔ ᠦᠪᠦᠷ | ᠮᠤᠩᠭᠤᠯ ᠪᠤᠯ ᠨᠠᠮ ᠤᠨ ᠲᠦᠪ ᠬᠤᠷᠢᠶ᠎ᠠ ᠶᠢᠨ ᠲᠡᠮᠵᠢᠯᠭᠡ ᠲᠤᠤᠷ᠎ᠠ ᠬᠦᠭᠵᠢᠵᠦ ᠢᠷᠡᠭᠰᠠᠨ ᠶᠤᠮ︔ ᠦᠪᠦᠷ | ᠮᠤᠩᠭᠤᠯ ᠤᠨ ᠠᠵᠢᠯ ᠳᠤ ᠢᠯᠡᠷᠡᠭᠰᠡᠨ ᠴᠢᠬᠤᠯᠠ ᠶᠡᠭᠡ ᠵᠦᠷᠢᠶ᠎ᠡ ᠨᠢ ᠴᠦᠮ ᠨᠠᠮ ᠤᠨ ᠲᠦᠪ ᠬᠤᠷᠢᠶ᠎ᠠ ᠶᠢᠨ | ᠬᠠᠪᠰᠤᠷᠤᠨ ᠵᠠᠯᠠᠷᠠᠭᠤᠯᠤᠭᠰᠠᠨ ᠶᠤᠮ︔ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠪᠤᠯ | ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ︔ | ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ | ᠰᠤᠨᠤᠰᠤᠭᠰᠠᠨ ᠳᠤ ᠪᠠᠶᠢᠨ᠎ᠠ᠃ | 3. ︽ᠭᠤᠷᠪᠠᠨ ᠵᠦᠢᠯ ᠤᠨ ᠲᠥᠯᠥᠪᠯᠡᠭᠡ︾᠄ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ | ᠬᠥᠭᠵᠢᠯᠲᠡ ᠶᠢᠨ ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠵᠢᠭᠠᠵᠤ ᠪᠠᠶᠢᠨ᠎ᠠ᠃ | 4. ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠠᠯᠪᠠᠨ ᠮᠡᠳᠡᠭᠡ︾ ᠳᠤ ᠲᠣᠳᠣᠷᠬᠠᠶ ᠳᠤᠷᠠᠳᠤᠭᠰᠠᠨ ︽ᠪᠢ ᠪᠤᠰᠤᠳ ᠢ ᠬᠦᠷᠦᠯᠴᠡᠬᠦ ᠦᠭᠡᠢ︾ | ᠪᠣᠳᠣᠯ᠂ ︽ᠬᠥᠭᠵᠢᠯᠲᠡ ᠨᠢ ᠬᠡᠲᠦᠷᠬᠡᠶ ᠪᠠᠴᠢᠮᠳᠠᠵᠤ ᠪᠣᠯᠬᠤ ᠦᠭᠡᠶ︾ ᠰᠠᠨᠠᠯ᠂ ︽ᠶᠠᠪᠤᠴᠠ ᠶᠢ ᠨᠢ | ᠴᠢᠬᠤᠯᠠᠴᠢᠯᠠᠵᠤ ᠦᠷ᠎ᠡ ᠳ᠋ᠦᠩ ᠢ ᠨᠢ ᠴᠢᠬᠤᠯᠠᠴᠢᠯᠠᠬᠤ ᠦᠭᠡᠶ︾ ᠤᠬᠠᠮᠰᠠᠷ᠂ ︽ᠨᠢᠳᠤᠨ ᠡᠮᠦᠨᠡᠬᠢ ᠪᠠᠨ ᠬᠠᠷᠠᠵᠤ | ᠠᠯᠤᠰ ᠢ ᠪᠠᠷᠠᠯᠠᠬᠤ ᠦᠭᠡᠶ︾ ᠰᠡᠳᠬᠢᠬᠦᠶ᠂ ︽ᠨᠠᠷᠢᠨ ᠵᠦᠢᠯᠡᠰ ᠢ ᠡᠷᠬᠢᠮᠯᠡᠬᠦ ᠦᠭᠡᠢ᠂ ᠪᠠᠷᠤᠭᠲᠠᠶ ᠯᠡ ᠪᠣᠯ | ᠪᠤᠯᠴᠢᠬᠠᠬᠤ︾ ᠰᠡᠳᠬᠢᠴᠡ᠂ ︽ᠦᠢᠯᠡᠳᠪᠦᠷᠢᠯᠡᠯ ᠢ ᠴᠢᠬᠤᠯᠠᠴᠢᠯᠠᠨ ᠡᠵᠡᠩᠨᠡᠯᠲᠡ ᠶᠢ ᠬᠥᠩᠭᠡᠪᠴᠢᠯᠡᠬᠦ︾ | ᠦᠵᠡᠯᠲᠡ ᠶᠢ ᠵᠢᠭᠠᠵᠤ ᠪᠠᠶᠢᠨ᠎ᠠ᠃ | 5. ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ᠄ ᠬᠤᠷᠠᠯ ᠣᠯᠠᠨ᠂ | ᠬᠦᠳᠡᠯᠭᠡᠭᠡᠨ ᠤᠯᠠᠨ᠂ ᠭᠠᠳᠠᠭᠰᠢ ᠭᠠᠷᠬᠤ ᠤᠯᠠᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠨᠢ ᠴᠥᠭᠡᠨ᠂ | ᠠᠵᠢᠯ ᠤᠨ ᠰᠡᠳᠬᠢᠮᠵᠢ ᠨᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ︔ ᠰᠢᠢᠳᠪᠦᠷᠢᠲᠦ | ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ᠃ | 6. ︽ᠳᠥᠷᠪᠡᠨ ᠰᠤᠷᠲᠠᠯ ᠢ ᠵᠠᠯᠠᠷᠠᠭᠤᠯᠵᠤ︾ ᠰᠢᠨ᠎ᠡ ᠰᠤᠷᠲᠠᠯ ᠢ ᠪᠣᠢ ᠪᠣᠯᠭᠠᠬᠤ᠄ ᠬᠡᠯᠪᠡᠷᠢᠴᠢ ᠦᠵᠡᠯ᠂ | ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠣᠯᠤᠨ ᠱᠠᠯᠢᠨ ᠪᠦᠷᠢᠯᠭᠡᠬᠦ ᠰᠤᠷᠲᠠᠯ ᠢ ᠵᠠᠯᠠᠷᠠᠭᠤᠯᠬᠤ ᠶᠢᠨ ᠬᠠᠮᠲᠤ | ᠰᠢᠨ᠎ᠡ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠶᠠᠪᠤᠳᠠᠯ ᠢ ᠵᠢᠭᠠᠵᠤ ᠪᠠᠶᠢᠨ᠎ᠠ᠃ | 7. ︽ᠬᠤᠶᠠᠷ ᠶᠡᠭᠡ ᠶᠠᠪᠤᠳᠠᠯ︾᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠵᠢᠭᠠᠵᠤ ᠪᠠᠶᠢᠨ᠎ᠠ᠃ | 8. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ | ᠴᠤᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠠᠶᠢᠨ᠎ᠠ᠃ | 9. ︽ᠵᠢᠷᠭᠤᠭᠠᠨ ᠶᠡᠭᠡ ᠠᠵᠢᠯᠯᠠᠭ᠎ᠠ︾᠄ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ | ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ | ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ | 10. ᠬᠤᠶᠠᠷ ︽ᠡᠷᠡᠰ ᠭᠤᠶᠢᠪᠢᠰᠢ ᠦᠭᠡᠢ ᠪᠠᠶᠢᠬᠤ︾᠄ ᠨᠡᠶᠢᠲᠡ ᠶᠢᠨ ᠦᠮᠴᠢᠯᠠᠯ ᠤᠨ ᠠᠵᠤ ᠠᠬᠤᠢ ᠶᠢ | ᠡᠷᠡᠰ ᠭᠤᠶᠢᠪᠢᠰᠢ ᠦᠭᠡᠢ ᠪᠠᠭᠢᠵᠢᠭᠦᠯᠦᠨ ᠬᠦᠭᠵᠢᠭᠦᠯᠵᠦ᠂ ᠨᠡᠶᠢᠲᠡ ᠶᠢᠨ ᠦᠮᠴᠢᠯᠠᠯ ᠤᠨ ᠪᠤᠰᠤ ᠠᠵᠤ ᠠᠬᠤᠢ ᠶᠢᠨ | ᠬᠦᠭᠵᠢᠯᠲᠡ ᠶᠢ ᠡᠷᠡᠰ ᠭᠤᠶᠢᠪᠢᠰᠢ ᠦᠭᠡᠢ ᠵᠤᠷᠢᠬᠵᠢᠭᠤᠯᠤᠨ ᠳᠡᠮᠵᠢᠵᠦ ᠬᠦᠲᠦᠯᠦᠨ ᠵᠢᠯᠤᠭᠤᠲᠤᠬᠤ ᠶᠢ ᠵᠢᠭᠠᠵᠤ | ᠪᠠᠶᠢᠨ᠎ᠠ᠃ | 11. ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠣᠷᠴᠢᠨ ᠠᠬᠤᠶ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠳᠡᠭᠡᠷ᠎ᠡ ᠱᠤᠭᠤᠮ | ᠢᠶᠠᠷ ᠰᠠᠭᠤᠷᠢ ᠪᠣᠯᠭᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠵᠥᠪᠰᠢᠶᠡᠷᠡᠨ ᠣᠷᠣᠭᠤᠯᠬᠤ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢ ᠵᠢᠭᠠᠵᠤ ᠪᠠᠶᠢᠨ᠎ᠠ᠃ | 12. ︽ᠲᠦᠷᠪᠡᠨ ᠤᠰᠤ ᠳᠦᠷᠪᠡᠨ ᠳᠤᠭᠲᠠᠭᠠᠯ︾ ᠤᠨ ᠵᠠᠷᠴᠢᠮ᠄ ᠤᠰᠤ ᠪᠠᠷ ᠬᠤᠲᠠ ᠶᠢ ᠲᠤᠭᠲᠠᠭᠠᠬᠤ᠂ | ᠤᠰᠤ ᠪᠠᠷ ᠭᠠᠵᠠᠷ ᠢ ᠲᠤᠭᠲᠠᠭᠠᠬᠤ᠂ ᠤᠰᠤ ᠪᠠᠷ ᠬᠦᠮᠦᠨ ᠢ ᠲᠤᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠵᠢᠭᠠᠵᠤ ᠪᠠᠶᠢᠨ᠎ᠠ᠃ | 13.︽ ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ᠄ ᠶᠡᠷᠦᠩᠬᠡᠶ ᠱᠦᠵᠢ ᠰᠢ ᠶᠢᠨ ᠫᠢᠩ | ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠠᠷᠭ᠎ᠠ ᠰᠦᠪᠡᠭᠴᠢᠯᠡᠵᠦ᠂ ᠪᠡᠶ᠎ᠡ ᠪᠠᠷ ᠢᠶᠠᠨ | ᠪᠠᠶᠢᠷᠢᠯᠠᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠤᠭᠰᠠᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ | ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠠᠶᠢᠨ᠎ᠠ᠃ | 14.ᠠᠮᠤᠷ ᠲᠦᠪᠰᠢᠨ ᠤ ᠰᠡᠷᠭᠡᠶᠢᠯᠡᠯᠲᠡ ᠶᠢᠨ ︽ᠳᠥᠷᠪᠡᠨ ᠵᠠᠭᠤᠨ ᠤ ᠵᠠᠭᠤ︾ ᠶᠢᠨ ᠪᠥᠲᠥᠭᠡᠨ | ᠪᠠᠶᠢᠭᠤᠯᠤᠯᠲᠠ᠄ ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢᠨ ᠪᠠᠷᠢᠮᠵᠢᠶ᠎ᠠ ᠳᠤ | ᠬᠦᠷᠦᠭᠰᠡᠨ ᠨᠣᠷᠮ᠎ᠠ᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢ ᠲᠤᠬᠢᠷᠠᠭᠤᠯᠤᠭᠰᠠᠨ ᠨᠣᠷᠮ᠎ᠠ᠂ ᠨᠢᠭᠡ | ᠳᠠᠷᠤᠪᠴᠢ ᠪᠠᠷ ᠪᠠᠴᠢᠮ ᠲᠦᠭᠰᠢᠭᠦᠷᠢ ᠶᠢ ᠮᠡᠳᠡᠭᠦᠯᠬᠦ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ᠂ ︽ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ︾ ᠶᠢᠨ | ᠪᠠᠶᠢᠷᠢᠯᠠᠭᠤᠯᠤᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠬᠦ ᠶᠢ ᠵᠢᠭᠠᠵᠤ ᠪᠠᠶᠢᠨ᠎ᠠ᠃ | 15. ︽ᠭᠤᠷᠪᠠᠨ ᠡᠮᠨᠡᠯᠭᠡ︾ ᠬᠠᠮᠵᠢᠯᠴᠠᠨ ᠬᠦᠭᠵᠢᠬᠦ ᠪᠠ ᠵᠠᠰᠠᠬᠤ᠄ ᠡᠮᠴᠢᠯᠡᠭᠡ᠂ ᠡᠮᠴᠢᠯᠡᠭᠡᠨ ᠤ ᠳᠠᠭᠠᠳᠬᠠᠯ᠂ | ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠬᠤ ᠶᠢ ᠵᠢᠭᠠᠵᠤ ᠪᠠᠶᠢᠨ᠎ᠠ᠃ | 16. ᠬᠢᠲᠠᠳ ᠡᠮᠨᠡᠯᠭᠡ ᠶᠢᠨ ︽ᠡᠪᠡᠳᠴᠢᠯᠡᠬᠦ ᠠᠴᠠ ᠡᠮᠦᠨ᠎ᠡ ᠡᠮᠨᠡᠨ ᠵᠠᠰᠠᠬᠤ︾ ᠦᠵᠡᠯᠲᠡ᠄ ᠵᠣᠬᠢᠬᠤ ᠠᠷᠭ᠎ᠠ | ᠬᠡᠮᠵᠢᠶ᠎ᠡ ᠠᠪᠴᠤ᠂ ᠡᠷᠡᠭᠦᠯ ᠮᠡᠨᠳᠦ ᠶᠢ ᠬᠠᠮᠠᠭᠠᠯᠠᠨ᠂ ᠡᠪᠡᠳᠴᠢᠨ ᠡᠮᠭᠡᠭ ᠤᠨ ᠡᠭᠦᠰᠬᠦ ᠪᠠ ᠬᠥᠭᠵᠢᠬᠦ ᠶᠢ | ᠰᠡᠷᠭᠡᠶᠢᠯᠡᠬᠦ ᠶᠢ ᠵᠢᠭᠠᠵᠤ ᠪᠠᠶᠢᠨ᠎ᠠ᠃ | 17. ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ︽ᠬᠤᠶᠠᠷ ᠲᠥᠯᠥᠪᠵᠢᠭᠦᠯᠭᠡ︾᠄ ︽ᠳᠤᠮᠳᠠᠳᠤ | ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶︾᠂ ︽ᠳᠤᠮᠳᠠᠳᠤ | ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶︾ ᠶᠢ ᠵᠢᠭᠠᠵᠤ ᠪᠠᠶᠢᠨ᠎ᠠ᠃ | 18. ᠫᠦ᠋ ᠵᠢᠶᠠᠩ ᠤᠨ ᠲᠤᠷᠰᠢᠯᠭ᠎ᠠ᠄ ᠶᠡᠷᠦᠩᠬᠡᠶ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠭ᠎ᠠ | ᠬᠤᠭᠤᠴᠠᠭᠠᠨ ᠳᠠᠭᠠᠨ᠂ ᠪᠡᠶ᠎ᠡ ᠪᠠᠷ ᠢᠶᠠᠨ ᠰᠠᠨᠠᠭᠠᠴᠢᠯᠠᠬᠤ ᠶᠢᠨ ᠬᠠᠮᠲᠤ ᠲᠤᠯᠤᠭᠠᠶᠢᠯᠠᠨ ᠳᠣᠷᠣᠭᠰᠢ ᠪᠠᠭᠤᠵᠤ ᠤᠯᠠᠨ | ᠲᠦᠮᠡᠨ ᠤ ᠰᠤᠷᠪᠤᠯᠵᠢᠯᠠᠭ᠎ᠠ ᠶᠢ ᠬᠦᠯᠢᠶᠡᠭᠡᠳ ᠪᠦᠷᠢᠯᠳᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠵᠢᠭᠠᠵᠤ | ᠪᠠᠶᠢᠨ᠎ᠠ᠃ | 19. ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠄ ᠶᠡᠷᠦᠩᠬᠡᠶ ᠱᠦᠵᠢ ᠰᠢ ᠶᠢᠨ ᠫᠢᠩ | ᠹᠦᠵᠢᠶᠠᠨ ᠤ ᠨᠢᠩᠳᠧ ᠳᠤ ᠠᠵᠢᠯᠯᠠᠵᠤ ᠪᠠᠶᠢᠬᠤ ᠳᠠᠭᠠᠨ ᠶᠡᠬᠡᠪᠡᠷ ᠰᠠᠨᠠᠭᠠᠴᠢᠯᠠᠬᠤ ᠶᠢᠨ ᠬᠠᠮᠲᠤ ᠪᠡᠶ᠎ᠡ ᠪᠠᠷ ᠢᠶᠠᠨ | ᠦᠩᠭᠡᠷᠡᠭᠦᠯᠵᠦ ᠤᠯᠤᠭᠰᠠᠨ ᠠᠵᠢᠯ ᠤᠨ ᠠᠷᠭ᠎ᠠ ᠪᠣᠯᠤᠨ ᠠᠵᠢᠯ ᠤᠨ ᠳᠦᠷᠢᠮ ᠢ ᠵᠢᠭᠠᠵᠤ ᠪᠤᠢ᠂ ᠪᠤᠳᠠᠲᠠᠢ ᠨᠢ | ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ | ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠯ ᠢ ᠦᠨᠳᠦᠰᠦᠨ ᠱᠠᠲᠤᠨ ᠳᠤ | ᠪᠠᠭᠤᠯᠭᠠᠬᠤ᠂ ᠲᠤᠬᠠᠶ ᠶᠢᠨ ᠲᠠᠯᠠᠪᠠᠶ ᠳᠤ ᠠᠯᠪᠠᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠵᠤ | ᠪᠠᠶᠢᠨ᠎ᠠ᠃ | | ᠳᠠᠭᠠᠯᠳᠤᠭᠤᠯᠤᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢ | 1. ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠄ ᠨᠠᠮ ᠤᠨ ᠤᠯᠠᠨ ᠲᠦᠮᠡᠨᠴᠢ ᠱᠤᠭᠤᠮ ᠢ | ᠪᠠᠷᠢᠮᠲᠠᠯᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠤᠯᠠᠨ ᠲᠦᠮᠡᠨ ᠢ ᠭᠦᠢᠴᠡᠳ ᠲᠠᠶᠢᠴᠢᠯᠠᠨ᠂ | ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ ᠤᠯᠠᠨ ᠲᠦᠮᠡᠨ ᠤ ᠥᠪᠡᠷ ᠤᠨ ᠢᠶᠠᠨ | ᠶᠠᠪᠤᠳᠠᠯ ᠢᠶᠠᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ | ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠶᠢ ᠪᠡᠶᠡᠯᠡᠭᠦᠯᠬᠦ ᠶᠢ ᠵᠢᠭᠠᠵᠤ | ᠪᠠᠶᠢᠨ᠎ᠠ᠃ | 2. ︽ᠵᠢᠷᠭᠤᠭᠠᠨ ᠦᠭᠦᠯᠡᠪᠦᠷᠢ︾ ᠶᠢᠨ ᠪᠤᠳᠠᠳᠦ ᠶᠠᠪᠤᠳᠠᠯ ᠪᠠ ᠶᠤᠰᠤ ᠵᠦᠢ᠄ ᠦᠪᠦᠷ ᠮᠤᠩᠭᠤᠯ ᠤᠷᠤᠨ ᠪᠤᠯ | ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠮᠤᠭ ᠤᠨ ᠡᠷᠳᠡ ᠨᠠᠮ ᠤᠨ ᠵᠤᠬᠢᠶᠠᠨ ᠪᠠᠶᠢᠭᠤᠯᠤᠯᠳᠠ ᠶᠢ | ᠪᠠᠶᠢᠭᠤᠯᠤᠭᠰᠠᠨ ᠦᠨᠳᠦᠰᠦᠳᠡᠨ ᠤ ᠭᠠᠵᠠᠷ ᠤᠷᠤᠨ ᠮᠦᠨ︔ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠪᠤᠯ ᠨᠠᠮ ᠤᠨ ᠲᠦᠪ ᠬᠤᠷᠢᠶ᠎ᠠ ᠶᠢᠨ ᠰᠢᠭᠤᠳ ᠤᠳᠤᠷᠢᠳᠤᠯᠭ᠎ᠠ ᠲᠤᠤᠷ᠎ᠠ ᠪᠠᠶᠢᠭᠤᠯᠤᠭᠳᠠᠭᠰᠠᠨ ᠶᠤᠮ︔ ᠦᠪᠦᠷ | ᠮᠤᠩᠭᠤᠯ ᠪᠤᠯ ᠨᠠᠮ ᠤᠨ ᠲᠦᠪ ᠬᠤᠷᠢᠶ᠎ᠠ ᠶᠢᠨ ᠲᠡᠮᠵᠢᠯᠭᠡ ᠲᠤᠤᠷ᠎ᠠ ᠬᠦᠭᠵᠢᠵᠦ ᠢᠷᠡᠭᠰᠠᠨ ᠶᠤᠮ︔ ᠦᠪᠦᠷ | ᠮᠤᠩᠭᠤᠯ ᠤᠨ ᠠᠵᠢᠯ ᠳᠤ ᠢᠯᠡᠷᠡᠭᠰᠡᠨ ᠴᠢᠬᠤᠯᠠ ᠶᠡᠭᠡ ᠵᠦᠷᠢᠶ᠎ᠡ ᠨᠢ ᠴᠦᠮ ᠨᠠᠮ ᠤᠨ ᠲᠦᠪ ᠬᠤᠷᠢᠶ᠎ᠠ ᠶᠢᠨ | ᠬᠠᠪᠰᠤᠷᠤᠨ ᠵᠠᠯᠠᠷᠠᠭᠤᠯᠤᠭᠰᠠᠨ ᠶᠤᠮ︔ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠪᠤᠯ | ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ︔ | ᠥᠪᠥᠷ ᠮᠣᠩᠭᠤᠯ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ | ᠰᠤᠨᠤᠰᠤᠭᠰᠠᠨ ᠳᠤ ᠪᠠᠶᠢᠨ᠎ᠠ᠃ | 3. ︽ᠭᠤᠷᠪᠠᠨ ᠵᠦᠢᠯ ᠤᠨ ᠲᠥᠯᠥᠪᠯᠡᠭᠡ︾᠄ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠮᠠᠶ᠋ᠢᠭ ᠤᠨ | ᠬᠥᠭᠵᠢᠯᠲᠡ ᠶᠢᠨ ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠵᠢᠭᠠᠵᠤ ᠪᠠᠶᠢᠨ᠎ᠠ᠃ | 4. ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ᠠᠯᠪᠠᠨ ᠮᠡᠳᠡᠭᠡ︾ ᠳᠤ ᠲᠣᠳᠣᠷᠬᠠᠶ ᠳᠤᠷᠠᠳᠤᠭᠰᠠᠨ ︽ᠪᠢ ᠪᠤᠰᠤᠳ ᠢ ᠬᠦᠷᠦᠯᠴᠡᠬᠦ ᠦᠭᠡᠢ︾ | ᠪᠣᠳᠣᠯ᠂ ︽ᠬᠥᠭᠵᠢᠯᠲᠡ ᠨᠢ ᠬᠡᠲᠦᠷᠬᠡᠶ ᠪᠠᠴᠢᠮᠳᠠᠵᠤ ᠪᠣᠯᠬᠤ ᠦᠭᠡᠶ︾ ᠰᠠᠨᠠᠯ᠂ ︽ᠶᠠᠪᠤᠴᠠ ᠶᠢ ᠨᠢ | ᠴᠢᠬᠤᠯᠠᠴᠢᠯᠠᠵᠤ ᠦᠷ᠎ᠡ ᠳ᠋ᠦᠩ ᠢ ᠨᠢ ᠴᠢᠬᠤᠯᠠᠴᠢᠯᠠᠬᠤ ᠦᠭᠡᠶ︾ ᠤᠬᠠᠮᠰᠠᠷ᠂ ︽ᠨᠢᠳᠤᠨ ᠡᠮᠦᠨᠡᠬᠢ ᠪᠠᠨ ᠬᠠᠷᠠᠵᠤ | ᠠᠯᠤᠰ ᠢ ᠪᠠᠷᠠᠯᠠᠬᠤ ᠦᠭᠡᠶ︾ ᠰᠡᠳᠬᠢᠬᠦᠶ᠂ ︽ᠨᠠᠷᠢᠨ ᠵᠦᠢᠯᠡᠰ ᠢ ᠡᠷᠬᠢᠮᠯᠡᠬᠦ ᠦᠭᠡᠢ᠂ ᠪᠠᠷᠤᠭᠲᠠᠶ ᠯᠡ ᠪᠣᠯ | ᠪᠤᠯᠴᠢᠬᠠᠬᠤ︾ ᠰᠡᠳᠬᠢᠴᠡ᠂ ︽ᠦᠢᠯᠡᠳᠪᠦᠷᠢᠯᠡᠯ ᠢ ᠴᠢᠬᠤᠯᠠᠴᠢᠯᠠᠨ ᠡᠵᠡᠩᠨᠡᠯᠲᠡ ᠶᠢ ᠬᠥᠩᠭᠡᠪᠴᠢᠯᠡᠬᠦ︾ | ᠦᠵᠡᠯᠲᠡ ᠶᠢ ᠵᠢᠭᠠᠵᠤ ᠪᠠᠶᠢᠨ᠎ᠠ᠃ | 5. ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ᠄ ᠬᠤᠷᠠᠯ ᠣᠯᠠᠨ᠂ | ᠬᠦᠳᠡᠯᠭᠡᠭᠡᠨ ᠤᠯᠠᠨ᠂ ᠭᠠᠳᠠᠭᠰᠢ ᠭᠠᠷᠬᠤ ᠤᠯᠠᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠨᠢ ᠴᠥᠭᠡᠨ᠂ | ᠠᠵᠢᠯ ᠤᠨ ᠰᠡᠳᠬᠢᠮᠵᠢ ᠨᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ︔ ᠰᠢᠢᠳᠪᠦᠷᠢᠲᠦ | ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ᠃ | 6. ︽ᠳᠥᠷᠪᠡᠨ ᠰᠤᠷᠲᠠᠯ ᠢ ᠵᠠᠯᠠᠷᠠᠭᠤᠯᠵᠤ︾ ᠰᠢᠨ᠎ᠡ ᠰᠤᠷᠲᠠᠯ ᠢ ᠪᠣᠢ ᠪᠣᠯᠭᠠᠬᠤ᠄ ᠬᠡᠯᠪᠡᠷᠢᠴᠢ ᠦᠵᠡᠯ᠂ | ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠣᠯᠤᠨ ᠱᠠᠯᠢᠨ ᠪᠦᠷᠢᠯᠭᠡᠬᠦ ᠰᠤᠷᠲᠠᠯ ᠢ ᠵᠠᠯᠠᠷᠠᠭᠤᠯᠬᠤ ᠶᠢᠨ ᠬᠠᠮᠲᠤ | ᠰᠢᠨ᠎ᠡ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠶᠠᠪᠤᠳᠠᠯ ᠢ ᠵᠢᠭᠠᠵᠤ ᠪᠠᠶᠢᠨ᠎ᠠ᠃ | 7. ︽ᠬᠤᠶᠠᠷ ᠶᠡᠭᠡ ᠶᠠᠪᠤᠳᠠᠯ︾᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠵᠢᠭᠠᠵᠤ ᠪᠠᠶᠢᠨ᠎ᠠ᠃ | 8. ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ | ᠴᠤᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠠᠶᠢᠨ᠎ᠠ᠃ | 9. ︽ᠵᠢᠷᠭᠤᠭᠠᠨ ᠶᠡᠭᠡ ᠠᠵᠢᠯᠯᠠᠭ᠎ᠠ︾᠄ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ | ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ | ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠵᠤ ᠪᠠᠶᠢᠨ᠎ᠠ᠃ | 10. ᠬᠤᠶᠠᠷ ︽ᠡᠷᠡᠰ ᠭᠤᠶᠢᠪᠢᠰᠢ ᠦᠭᠡᠢ ᠪᠠᠶᠢᠬᠤ︾᠄ ᠨᠡᠶᠢᠲᠡ ᠶᠢᠨ ᠦᠮᠴᠢᠯᠠᠯ ᠤᠨ ᠠᠵᠤ ᠠᠬᠤᠢ ᠶᠢ | ᠡᠷᠡᠰ ᠭᠤᠶᠢᠪᠢᠰᠢ ᠦᠭᠡᠢ ᠪᠠᠭᠢᠵᠢᠭᠦᠯᠦᠨ ᠬᠦᠭᠵᠢᠭᠦᠯᠵᠦ᠂ ᠨᠡᠶᠢᠲᠡ ᠶᠢᠨ ᠦᠮᠴᠢᠯᠠᠯ ᠤᠨ ᠪᠤᠰᠤ ᠠᠵᠤ ᠠᠬᠤᠢ ᠶᠢᠨ | ᠬᠦᠭᠵᠢᠯᠲᠡ ᠶᠢ ᠡᠷᠡᠰ ᠭᠤᠶᠢᠪᠢᠰᠢ ᠦᠭᠡᠢ ᠵᠤᠷᠢᠬᠵᠢᠭᠤᠯᠤᠨ ᠳᠡᠮᠵᠢᠵᠦ ᠬᠦᠲᠦᠯᠦᠨ ᠵᠢᠯᠤᠭᠤᠲᠤᠬᠤ ᠶᠢ ᠵᠢᠭᠠᠵᠤ | ᠪᠠᠶᠢᠨ᠎ᠠ᠃ | 11. ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠣᠷᠴᠢᠨ ᠠᠬᠤᠶ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠳᠡᠭᠡᠷ᠎ᠡ ᠱᠤᠭᠤᠮ | ᠢᠶᠠᠷ ᠰᠠᠭᠤᠷᠢ ᠪᠣᠯᠭᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠵᠥᠪᠰᠢᠶᠡᠷᠡᠨ ᠣᠷᠣᠭᠤᠯᠬᠤ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢ ᠵᠢᠭᠠᠵᠤ ᠪᠠᠶᠢᠨ᠎ᠠ᠃ | 12. ︽ᠲᠦᠷᠪᠡᠨ ᠤᠰᠤ ᠳᠦᠷᠪᠡᠨ ᠳᠤᠭᠲᠠᠭᠠᠯ︾ ᠤᠨ ᠵᠠᠷᠴᠢᠮ᠄ ᠤᠰᠤ ᠪᠠᠷ ᠬᠤᠲᠠ ᠶᠢ ᠲᠤᠭᠲᠠᠭᠠᠬᠤ᠂ | ᠤᠰᠤ ᠪᠠᠷ ᠭᠠᠵᠠᠷ ᠢ ᠲᠤᠭᠲᠠᠭᠠᠬᠤ᠂ ᠤᠰᠤ ᠪᠠᠷ ᠬᠦᠮᠦᠨ ᠢ ᠲᠤᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠵᠢᠭᠠᠵᠤ ᠪᠠᠶᠢᠨ᠎ᠠ᠃ | 13.︽ ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ᠄ ᠶᠡᠷᠦᠩᠬᠡᠶ ᠱᠦᠵᠢ ᠰᠢ ᠶᠢᠨ ᠫᠢᠩ | ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠠᠷᠭ᠎ᠠ ᠰᠦᠪᠡᠭᠴᠢᠯᠡᠵᠦ᠂ ᠪᠡᠶ᠎ᠡ ᠪᠠᠷ ᠢᠶᠠᠨ | ᠪᠠᠶᠢᠷᠢᠯᠠᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠤᠭᠰᠠᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ | ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠵᠢᠭᠠᠵᠤ ᠪᠠᠶᠢᠨ᠎ᠠ᠃ | 14.ᠠᠮᠤᠷ ᠲᠦᠪᠰᠢᠨ ᠤ ᠰᠡᠷᠭᠡᠶᠢᠯᠡᠯᠲᠡ ᠶᠢᠨ ︽ᠳᠥᠷᠪᠡᠨ ᠵᠠᠭᠤᠨ ᠤ ᠵᠠᠭᠤ︾ ᠶᠢᠨ ᠪᠥᠲᠥᠭᠡᠨ | ᠪᠠᠶᠢᠭᠤᠯᠤᠯᠲᠠ᠄ ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢᠨ ᠪᠠᠷᠢᠮᠵᠢᠶ᠎ᠠ ᠳᠤ | ᠬᠦᠷᠦᠭᠰᠡᠨ ᠨᠣᠷᠮ᠎ᠠ᠂ ᠲᠤᠰᠬᠠᠶ ᠲᠤᠰᠢᠶᠠᠯᠲᠤ ᠠᠮᠤᠷ ᠢ ᠬᠠᠮᠠᠭᠠᠯᠠᠭᠴᠢ ᠶᠢ ᠲᠤᠬᠢᠷᠠᠭᠤᠯᠤᠭᠰᠠᠨ ᠨᠣᠷᠮ᠎ᠠ᠂ ᠨᠢᠭᠡ | ᠳᠠᠷᠤᠪᠴᠢ ᠪᠠᠷ ᠪᠠᠴᠢᠮ ᠲᠦᠭᠰᠢᠭᠦᠷᠢ ᠶᠢ ᠮᠡᠳᠡᠭᠦᠯᠬᠦ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠤᠨ | ᠪᠠᠷᠢᠮᠵᠢᠶ᠎ᠠ ᠳᠤ ᠬᠦᠷᠦᠭᠰᠡᠨ ᠨᠣᠷᠮ᠎ᠠ᠂ ︽ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ︾ ᠶᠢᠨ | ᠪᠠᠶᠢᠷᠢᠯᠠᠭᠤᠯᠤᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠬᠦ ᠶᠢ ᠵᠢᠭᠠᠵᠤ ᠪᠠᠶᠢᠨ᠎ᠠ᠃ | 15. ︽ᠭᠤᠷᠪᠠᠨ ᠡᠮᠨᠡᠯᠭᠡ︾ ᠬᠠᠮᠵᠢᠯᠴᠠᠨ ᠬᠦᠭᠵᠢᠬᠦ ᠪᠠ ᠵᠠᠰᠠᠬᠤ᠄ ᠡᠮᠴᠢᠯᠡᠭᠡ᠂ ᠡᠮᠴᠢᠯᠡᠭᠡᠨ ᠤ ᠳᠠᠭᠠᠳᠬᠠᠯ᠂ | ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠬᠤ ᠶᠢ ᠵᠢᠭᠠᠵᠤ ᠪᠠᠶᠢᠨ᠎ᠠ᠃ | 16. ᠬᠢᠲᠠᠳ ᠡᠮᠨᠡᠯᠭᠡ ᠶᠢᠨ ︽ᠡᠪᠡᠳᠴᠢᠯᠡᠬᠦ ᠠᠴᠠ ᠡᠮᠦᠨ᠎ᠡ ᠡᠮᠨᠡᠨ ᠵᠠᠰᠠᠬᠤ︾ ᠦᠵᠡᠯᠲᠡ᠄ ᠵᠣᠬᠢᠬᠤ ᠠᠷᠭ᠎ᠠ | ᠬᠡᠮᠵᠢᠶ᠎ᠡ ᠠᠪᠴᠤ᠂ ᠡᠷᠡᠭᠦᠯ ᠮᠡᠨᠳᠦ ᠶᠢ ᠬᠠᠮᠠᠭᠠᠯᠠᠨ᠂ ᠡᠪᠡᠳᠴᠢᠨ ᠡᠮᠭᠡᠭ ᠤᠨ ᠡᠭᠦᠰᠬᠦ ᠪᠠ ᠬᠥᠭᠵᠢᠬᠦ ᠶᠢ | ᠰᠡᠷᠭᠡᠶᠢᠯᠡᠬᠦ ᠶᠢ ᠵᠢᠭᠠᠵᠤ ᠪᠠᠶᠢᠨ᠎ᠠ᠃ | 17. ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ︽ᠬᠤᠶᠠᠷ ᠲᠥᠯᠥᠪᠵᠢᠭᠦᠯᠭᠡ︾᠄ ︽ᠳᠤᠮᠳᠠᠳᠤ | ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶︾᠂ ︽ᠳᠤᠮᠳᠠᠳᠤ | ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021-2030 ᠣᠨ︶︾ ᠶᠢ ᠵᠢᠭᠠᠵᠤ ᠪᠠᠶᠢᠨ᠎ᠠ᠃ | 18. ᠫᠦ᠋ ᠵᠢᠶᠠᠩ ᠤᠨ ᠲᠤᠷᠰᠢᠯᠭ᠎ᠠ᠄ ᠶᠡᠷᠦᠩᠬᠡᠶ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠭ᠎ᠠ | ᠬᠤᠭᠤᠴᠠᠭᠠᠨ ᠳᠠᠭᠠᠨ᠂ ᠪᠡᠶ᠎ᠡ ᠪᠠᠷ ᠢᠶᠠᠨ ᠰᠠᠨᠠᠭᠠᠴᠢᠯᠠᠬᠤ ᠶᠢᠨ ᠬᠠᠮᠲᠤ ᠲᠤᠯᠤᠭᠠᠶᠢᠯᠠᠨ ᠳᠣᠷᠣᠭᠰᠢ ᠪᠠᠭᠤᠵᠤ ᠤᠯᠠᠨ | ᠲᠦᠮᠡᠨ ᠤ ᠰᠤᠷᠪᠤᠯᠵᠢᠯᠠᠭ᠎ᠠ ᠶᠢ ᠬᠦᠯᠢᠶᠡᠭᠡᠳ ᠪᠦᠷᠢᠯᠳᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠵᠢᠭᠠᠵᠤ | ᠪᠠᠶᠢᠨ᠎ᠠ᠃ | 19. ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾᠄ ᠶᠡᠷᠦᠩᠬᠡᠶ ᠱᠦᠵᠢ ᠰᠢ ᠶᠢᠨ ᠫᠢᠩ | ᠹᠦᠵᠢᠶᠠᠨ ᠤ ᠨᠢᠩᠳᠧ ᠳᠤ ᠠᠵᠢᠯᠯᠠᠵᠤ ᠪᠠᠶᠢᠬᠤ ᠳᠠᠭᠠᠨ ᠶᠡᠬᠡᠪᠡᠷ ᠰᠠᠨᠠᠭᠠᠴᠢᠯᠠᠬᠤ ᠶᠢᠨ ᠬᠠᠮᠲᠤ ᠪᠡᠶ᠎ᠡ ᠪᠠᠷ ᠢᠶᠠᠨ | ᠦᠩᠭᠡᠷᠡᠭᠦᠯᠵᠦ ᠤᠯᠤᠭᠰᠠᠨ ᠠᠵᠢᠯ ᠤᠨ ᠠᠷᠭ᠎ᠠ ᠪᠣᠯᠤᠨ ᠠᠵᠢᠯ ᠤᠨ ᠳᠦᠷᠢᠮ ᠢ ᠵᠢᠭᠠᠵᠤ ᠪᠤᠢ᠂ ᠪᠤᠳᠠᠲᠠᠢ ᠨᠢ | ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠪᠠᠶᠢᠴᠠᠭᠠᠨ | ᠰᠤᠳᠤᠯᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ᠂ ᠵᠠᠬᠢᠳᠠᠯ ᠰᠤᠷᠪᠤᠯᠵᠢᠯᠠᠯ ᠢ ᠦᠨᠳᠦᠰᠦᠨ ᠱᠠᠲᠤᠨ ᠳᠤ | ᠪᠠᠭᠤᠯᠭᠠᠬᠤ᠂ ᠲᠤᠬᠠᠶ ᠶᠢᠨ ᠲᠠᠯᠠᠪᠠᠶ ᠳᠤ ᠠᠯᠪᠠᠯᠠᠬᠤ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠵᠢᠭᠠᠵᠤ | ᠪᠠᠶᠢᠨ᠎ᠠ᠃ | | | |