3 ᠰᠠᠷ᠎ᠠ ᠶᠢᠨ 24 ᠤ ᠡᠳᠦᠷ᠂ ᠪᠠᠶᠠᠨᠲᠠᠯ᠎ᠠ ᠰᠤᠮᠤ ᠬᠥᠳᠡᠭᠡ ᠲᠣᠰᠬᠤᠨ ᠤ ᠠᠵᠢᠯ ᠤᠨ ᠬᠤᠷᠠᠯ | ᠬᠤᠷᠠᠯᠳᠤᠭᠤᠯᠪᠠ᠃ ᠬᠤᠷᠠᠯ ᠳᠡᠭᠡᠷ᠎ᠡ᠂ ︽ᠪᠠᠶᠠᠨᠲᠠᠯ᠎ᠠ ᠰᠤᠮᠤ ᠶᠢᠨ 2025 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠡᠪᠴᠢᠶᠡᠵᠢᠭᠰᠡᠨ | ᠴᠢᠨᠠᠷᠲᠠᠶ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠠᠵᠢᠯ ᠤᠨ ᠲᠥᠰᠦᠯ︾᠂ ︽ᠪᠠᠶᠠᠨᠲᠠᠯ᠎ᠠ | ᠰᠤᠮᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠵᠤ | ᠳᠡᠭᠡᠭᠰᠢᠯᠡᠭᠦᠯᠬᠦ ᠰᠠᠷ᠎ᠠ ᠶᠢᠨ ᠬᠡᠷᠡᠭᠵᠢᠭᠦᠯᠬᠦ ᠲᠥᠰᠦᠯ︾᠂ ︽2025 ᠣᠨ ᠤ ᠪᠠᠶᠠᠨᠲᠠᠯ᠎ᠠ ᠰᠤᠮᠤ ᠶᠢᠨ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾᠂ | ︽2025 ᠣᠨ ᠤ ᠪᠠᠶᠠᠨᠲᠠᠯ᠎ᠠ ᠰᠤᠮᠤ ᠶᠢᠨ ︿ᠨᠠᠢᠮᠠᠨ ᠬᠤᠰᠢᠭᠤᠨ ᠤ ᠪᠥᠬᠦ ᠤᠯᠤᠰ ᠤᠨ ᠠᠯᠠᠰᠢᠨ ᠦᠬᠡᠷ ᠤᠨ | ᠠᠵᠤ ᠦᠢᠯᠡᠰ ᠤᠨ ᠨᠢᠭᠡᠳᠦᠭᠡᠷ ᠠᠵᠤ ᠦᠢᠯᠡᠰ ᠤᠨ ᠴᠢᠬᠤᠯᠠ ᠪᠠᠯᠭᠠᠰᠤ ᠶᠢ ᠪᠥᠲᠥᠭᠡᠨ ᠪᠠᠶᠢᠭᠤᠯᠬᠤ ᠬᠡᠷᠡᠭᠵᠢᠭᠦᠯᠬᠦ | ᠲᠥᠰᠦᠯ﹀︾᠂ ︽ᠪᠠᠶᠠᠨᠲᠠᠯ᠎ᠠ ᠰᠤᠮᠤ ᠶᠢᠨ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠳᠠᠭᠠᠭᠠᠴᠢᠯᠠᠨ | ᠬᠤᠯᠪᠣᠭᠠᠯᠠᠬᠤ ᠡᠬᠡ ᠲᠠᠩᠰᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠲᠠᠶᠢᠯᠤᠮᠵᠢ ᠬᠢᠵᠦ᠂ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |