3 ᠰᠠᠷ᠎ᠠ ᠶᠢᠨ 24 ᠤ ᠡᠳᠦᠷ᠂ ︽ᠪᠦᠬᠦ ᠠᠷᠠᠳ ᠤᠨ ᠦᠯᠡᠮᠵᠢ ᠬᠠᠷᠠᠭᠠᠯᠵᠠᠯ᠂ ᠨᠠᠢᠮᠠᠨ ᠤ ᠪᠠᠶᠠᠰᠤᠯᠲᠤ | ᠬᠡᠷᠡᠭᠯᠡᠭᠡ︾ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠪᠠᠶᠠᠰᠤᠯᠲᠤ ᠬᠡᠷᠡᠭᠯᠡᠭᠡ ᠪᠠᠷ | ᠲᠦᠮᠡᠨ ᠡᠷᠦᠬᠡ ᠶᠢ ᠳᠠᠶᠢᠴᠢᠯᠠᠬᠤ ᠰᠢᠷᠢᠰ ᠠᠵᠢᠯᠯᠠᠭ᠎ᠠ ᠨᠠᠢᠮᠠᠨ ᠬᠤᠰᠢᠭᠤᠨ ᠤ ᠠᠷᠠᠳ ᠤᠨ ᠲᠠᠯᠠᠪᠠᠶ ᠳᠤ ᠡᠬᠢᠯᠡᠬᠦ | ᠶᠣᠰᠣᠯᠠᠯ ᠶᠠᠪᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠢᠦᠶ ᠶᠦᠩ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠲᠦᠩᠯᠢᠶᠣᠤ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠰᠤ᠋ ᠸᠧᠨ ᠪᠥᠸᠧ᠂ ᠬᠤᠰᠢᠭᠤᠨ ᠤ ᠤᠳᠤᠷᠢᠳᠤᠯᠭ᠎ᠠ ᠵᠠᠩ ᠬᠤᠩ ᠪᠢᠩ᠂ ᠶᠠᠩ ᠴᠢᠩ | ᠴᠦᠨ᠂ ᠵᠠᠩ ᠶᠦᠩ ᠴᠢᠤᠸᠠᠨ᠂ ᠪᠠᠶᠠᠨᠪᠠᠭᠠᠲᠤᠷ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ | ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | | | | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠠᠩᠭᠠᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠪᠥᠬᠦ ᠲᠠᠯ᠎ᠠ ᠪᠠᠷ ᠪᠠᠳᠠᠷᠠᠭᠤᠯᠤᠨ᠂ ᠬᠡᠷᠡᠭᠯᠡᠭᠡᠨ ᠤ | ᠬᠠᠯᠠᠮᠰᠢᠯ ᠴᠡᠭ ᠢ ᠪᠤᠶᠢᠵᠢᠭᠤᠯᠵᠤ᠂ ᠬᠡᠷᠡᠭᠯᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠠᠬᠢᠭᠤᠯᠬᠤ ᠶᠢᠨ ᠲᠥᠯᠥᠭᠡ ᠶᠤᠮ᠃ | ᠵᠠᠩ ᠶᠦᠩ ᠴᠢᠤᠸᠠᠨ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠬᠦ ᠳᠡᠭᠡᠨ᠂ ᠲᠣᠰ | ᠤᠳᠠᠭᠠᠨ ᠤ ᠠᠵᠢᠯᠯᠠᠭ᠎ᠠ ᠨᠢ ᠪᠥᠬᠦ ᠵᠢᠯ ᠳᠤ ᠲᠤᠭᠤᠰᠢᠯᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ | ᠴᠢᠳᠠᠪᠤᠷᠢ ᠶᠢ ᠪᠠᠳᠠᠷᠠᠭᠤᠯᠬᠤ᠂ ᠣᠯᠠᠨ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠬᠦ᠂ ᠨᠠᠩ ᠣᠯᠠᠨ ᠴᠢᠨᠠᠷ ᠰᠠᠶᠢᠲᠠᠶ ᠠᠵᠢᠯ ᠤᠨ ᠪᠠᠶᠢᠷᠢ ᠶᠢ ᠲᠠᠰᠤᠷᠠᠯᠲᠠ ᠥᠬᠡᠶ ᠡᠭᠦᠳᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠬᠤᠭᠤᠯᠠ ᠬᠤᠨᠤᠭ ᠵᠡᠷᠭᠡ ᠬᠡᠷᠡᠭᠯᠡᠭᠡᠨ ᠤ ᠵᠠᠬ᠎ᠠ | ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠪᠦᠲᠦᠮᠵᠢᠲᠡᠶ ᠠᠬᠢᠭᠤᠯᠵᠤ᠂ ᠠᠵᠤ ᠠᠬᠤᠶ ᠶᠢᠨ | ᠰᠡᠷᠭᠦᠨ ᠰᠠᠶᠢᠵᠢᠷᠠᠬᠤ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠪᠣᠯᠤᠨ᠎ᠠ ᠭᠡᠵᠡᠶ᠃ | ᠥᠷᠭᠡᠨ ᠣᠯᠠᠨ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ | ᠠᠳᠬᠤᠵᠤ᠂ ᠬᠡᠷᠡᠭᠯᠡᠭᠡᠨ ᠤ ᠪᠠᠶᠢᠳᠠᠯ ᠢ ᠰᠢᠨ᠎ᠡ ᠪᠠᠷ ᠡᠭᠦᠳᠬᠦ ᠪᠠ ᠪᠠᠶᠠᠯᠢᠭᠵᠢᠭᠤᠯᠵᠤ᠂ ᠰᠢᠯᠢᠳᠡᠭ ᠡᠬᠢ ᠪᠠᠶᠠᠯᠢᠭ ᠤᠨ | ᠬᠡᠷᠡᠭᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠣᠯᠠᠨ ᠠᠷᠭ᠎ᠠ ᠵᠠᠮ ᠢᠶᠠᠷ ᠠᠵᠢᠯ ᠤᠨ ᠪᠠᠶᠢᠷᠢ ᠬᠠᠩᠭᠠᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠤ ᠡᠬᠢ ᠪᠤᠯᠠᠭ ᠬᠠᠩᠭᠠᠬᠤ ᠶᠢ ᠬᠦᠰᠡᠵᠦ ᠪᠠᠶᠢᠨ᠎ᠠ ᠭᠡᠵᠡᠶ | ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠠᠵᠢᠯ ᠣᠯᠭᠤᠯᠲᠠ ᠶᠢᠨ | ᠲᠥᠷᠥ ᠶᠢᠨ ᠪᠣᠳᠣᠯᠭ᠎ᠠ ᠪᠠ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠰ ᠲᠣᠰ ᠨᠡᠶᠢᠲᠡᠯᠡᠪᠡ᠃ | ᠥᠪᠥᠷ ᠮᠣᠩᠭᠤᠯ ᠤᠨ ᠴᠢ ᠺᠠᠩ ᠡᠮ ᠤᠨ ᠦᠢᠯᠡᠰ ᠤᠨ ᠬᠤᠯᠪᠣᠭᠠᠲᠤ ᠬᠢᠵᠠᠭᠠᠷᠲᠤ ᠺᠣᠮᠫᠠᠨᠢ᠂ ᠲᠢᠶᠠᠨ ᠫᠢᠩ | ᠬᠡᠲᠦ ᠳᠡᠯᠭᠡᠭᠦᠷ᠂ ᠨᠠᠢᠮᠠᠨ ᠬᠤᠰᠢᠭᠤᠨ ᠤ ᠳ᠋ᠠ ᠬᠠᠨ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 8 ᠠᠵᠤ | ᠠᠬᠤᠶᠢᠯᠠᠯ ᠤᠨ ᠬᠠᠷᠢᠭᠤᠴᠠᠯᠭᠠᠲᠠᠨ ︽ᠰᠠᠨᠠᠭ᠎ᠠ ᠠᠮᠤᠷ ᠬᠡᠷᠡᠭᠯᠡᠭᠡᠨ ᠤ ᠠᠮᠠᠯᠠᠯᠲᠠ ᠶᠢᠨ ᠪᠢᠴᠢᠭ︾ ᠲᠤ ᠭᠠᠷ ᠤᠨ | ᠥᠰᠥᠭ ᠵᠢᠷᠤᠪᠠ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠣᠷᠣᠯᠴᠠᠭᠰᠠᠨ ᠠᠵᠤ ᠠᠬᠤᠶᠢᠯᠠᠯ᠂ ᠨᠢᠭᠡᠴᠢ | ᠠᠴᠠ ᠠᠵᠢᠯ ᠣᠯᠭᠤᠵᠤ ᠠᠵᠢᠯᠲᠠᠨ ᠡᠯᠰᠡᠬᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ | ᠪᠣᠷᠣᠯᠠᠭᠤᠯᠤᠯᠲᠠ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠰᠣᠶᠣᠯ ᠵᠢᠭᠤᠯᠴᠢᠯᠠᠯ ᠤᠨ | ᠦᠵᠡᠮᠵᠢ ᠶᠢᠨ ᠣᠷᠣᠨ ᠢ ᠲᠠᠨᠢᠯᠴᠠᠭᠤᠯᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠪᠡ᠃ | ᠣᠶᠢᠷ᠎ᠠ ᠶᠢᠨ ᠵᠢᠯ ᠤᠳ ᠲᠤ᠂ ᠨᠠᠢᠮᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ | ᠣᠷᠳᠣᠨ ᠠᠵᠢᠯ ᠣᠯᠭᠤᠯᠲᠠ ᠶᠢ ᠠᠬᠢᠭᠤᠯᠬᠤ ᠶᠢ ᠢᠮᠠᠭᠲᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ︽ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ︾ | ᠲᠥᠷᠥ ᠶᠢᠨ ᠪᠣᠳᠣᠯᠭ᠎ᠠ ᠪᠠ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠬᠦᠴᠦᠯᠡᠨ | ᠥᠷᠭᠡᠳᠬᠡᠬᠦ ᠪᠠᠷ ᠳᠠᠮᠵᠢᠭᠤᠯᠤᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ | ᠲᠤᠭ᠎ᠠ ᠶᠢᠨ ᠶᠡᠷᠦᠩᠬᠡᠶ ᠬᠡᠮᠵᠢᠶ᠎ᠡ᠂ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ | ᠣᠷᠣᠰᠢᠵᠤ᠂ ᠬᠤᠲᠠ ᠪᠠᠯᠭᠠᠰᠤᠨ ᠤ ᠠᠵᠢᠯ ᠣᠯᠭᠤᠯᠲᠠ ᠶᠢ ᠰᠢᠨ᠎ᠡ ᠪᠠᠷ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ | ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠶᠢ ᠪᠥᠬᠦ ᠬᠤᠲᠠ ᠳᠤ ᠠᠯᠤᠰ ᠠᠴᠠ ᠲᠡᠷᠢᠭᠦᠯᠡᠵᠦ᠂ ᠭᠠᠵᠠᠷ ᠣᠷᠣᠨ ᠤ | ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠬᠦᠴᠦᠲᠡᠶ ᠠᠬᠢᠭᠤᠯᠪᠠ᠃ | ᠡᠬᠢᠯᠡᠯᠲᠡ ᠶᠢᠨ ᠶᠣᠰᠣᠯᠠᠯ ᠨᠢ ᠪᠠᠰᠠ ᠮᠢᠩ ᠿᠧᠨ ᠰᠤᠮᠤ᠂ ᡁᠢ ᠠᠨ ᠪᠠᠯᠭᠠᠰᠤ᠂ ᠬᠤᠩᠬᠤᠷᠲᠠᠯ᠎ᠠ ᠰᠤᠮᠤ ᠳᠤ | ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠬᠠᠮᠢᠶ᠎ᠠ ᠪᠦᠬᠦᠢ | ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠪᠠᠷ ᠥᠷᠨᠢᠭᠦᠯᠪᠡ᠃ |