3 ᠰᠠᠷ᠎ᠠ ᠶᠢᠨ 25 ᠤ ᠡᠳᠦᠷ᠂ ᠨᠠᠢᠮᠠᠨ ᠬᠤᠰᠢᠭᠤ 2025 ᠣᠨ ᠤ ᠬᠠᠪᠤᠷ ᠤᠨ ᠤᠯᠠᠷᠢᠯ ᠤᠨ ᠴᠡᠷᠢᠭ ᠤᠨ | ᠠᠯᠪᠠ ᠠᠴᠠ ᠬᠠᠯᠠᠭᠳᠠᠭᠰᠠᠳ ᠢ ᠤᠭᠲᠤᠬᠤ ᠶᠣᠰᠣᠯᠠᠯ ᠵᠢᠴᠢ ᠵᠣᠬᠢᠴᠠᠬᠤ ᠴᠢᠨᠠᠷᠲᠠᠶ ᠪᠣᠯᠪᠠᠰᠤᠷᠠᠯ ᠤᠨ ᠠᠩᠭᠢ ᠡᠬᠢᠯᠡᠬᠦ | ᠶᠣᠰᠣᠯᠠᠯ ᠢ ᠡᠷᠭᠢᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ ᠲᠠᠢ ᠨᠤᠲᠤᠭ ᠲᠠᠭᠠᠨ | ᠪᠤᠴᠠᠨ ᠢᠷᠡᠭᠰᠡᠨ ᠢ ᠬᠠᠯᠠᠭᠤᠨ ᠢᠶᠠᠷ ᠤᠭᠲᠤᠵᠤ᠂ ᠲᠡᠳᠡᠨ ᠤ ᠨᠡᠶᠢᠭᠡᠮ ᠳᠤ ᠠᠭᠤᠰᠤᠯᠴᠠᠨ᠂ ᠬᠥᠮᠦᠨ ᠤ | ᠠᠮᠢᠳᠤᠷᠠᠯ ᠤᠨ ᠰᠢᠨ᠎ᠡ ᠠᠶᠠᠨ ᠵᠠᠮ ᠳᠤ ᠤᠷᠤᠭᠰᠢᠯᠠᠬᠤ ᠳᠤ ᠬᠦᠴᠦᠨ ᠨᠡᠮᠡᠷᠢᠯᠡᠪᠡ᠃ | | | | | ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠠᠩ ᠶᠦᠩ ᠴᠢᠤᠸᠠᠨ | ᠶᠣᠰᠣᠯᠠᠯ ᠳᠤ ᠣᠷᠣᠯᠴᠠᠪᠠ᠃ ᠲᠡᠷᠡ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ | ᠲᠡᠳᠡᠨ ᠤ ᠪᠣᠯᠪᠠᠰᠤᠷᠠᠯ ᠤᠨ ᠠᠵᠠ ᠲᠣᠬᠢᠶᠠᠯ ᠢ ᠡᠵᠡᠮᠳᠡᠵᠦ᠂ ᠣᠷᠣᠨ ᠨᠤᠲᠤᠭ ᠤᠨ ᠬᠥᠭᠵᠢᠯᠲᠡ ᠳᠤ ᠠᠭᠤᠰᠤᠯᠴᠠᠵᠤ | ᠂ ᠰᠢᠨ᠎ᠡ ᠬᠦᠷᠢᠶᠡᠨ ᠳᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠬᠦᠰᠡᠪᠡ᠃ ᠲᠠᠷᠠᠭ᠎ᠠ ᠨᠢ᠂ ᠪᠦᠭᠦᠳᠡᠭᠡᠷ ᠢᠶᠠᠨ ︽ | ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠴᠡᠷᠢᠭ ᠤᠨ ᠳᠠᠭᠤᠤ︾ ᠶᠢ ᠬᠠᠮᠲᠤ ᠪᠠᠷ ᠳᠠᠭᠤᠯᠠᠵᠤ᠂ | ᠰᠦᠷ ᠵᠢᠪᠬᠤᠯᠠᠩᠲᠤ ᠬᠦᠭ ᠠᠶᠠᠰ ᠨᠢ ᠡᠷᠡᠯᠬᠡᠭ ᠵᠣᠷᠢᠭ ᠢ ᠬᠥᠪᠴᠢᠯᠡᠪᠡ᠃ ᠣᠶᠢᠯᠠᠭᠠᠭᠰᠠᠨ ᠢᠶᠠᠷ᠂ ᠲᠣᠰ | ᠤᠳᠠᠭᠠᠨ ᠤ ᠵᠣᠬᠢᠴᠠᠬᠤ ᠴᠢᠨᠠᠷᠲᠠᠶ ᠪᠣᠯᠪᠠᠰᠤᠷᠠᠯ ᠤᠨ ᠬᠤᠭᠤᠴᠠᠭ᠎ᠠ ᠨᠢ 3 ᠡᠳᠦᠷ ᠪᠣᠯᠤᠨ᠎ᠠ᠂ ᠬᠢᠴᠢᠶᠡᠯ ᠨᠢ ᠪᠥᠬᠦ | ᠲᠠᠯ᠎ᠠ ᠶᠢᠨ ᠪᠥᠭᠡᠳ ᠪᠣᠳᠠᠲᠤ ᠬᠡᠷᠡᠭᠴᠡᠭᠡ ᠲᠠᠢ ᠪᠠᠶᠢᠵᠤ᠂ ᠤᠯᠤᠰ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠶᠠᠮᠤᠨ ᠤ ᠱᠠᠭᠠᠷᠳᠠᠯᠭ᠎ᠠ ᠶᠢᠨ ᠠᠭᠤᠯᠭ᠎ᠠ ᠶᠢ ᠬᠠᠮᠤᠷᠴᠤ᠂ ᠬᠠᠨᠳᠤᠯᠭᠠᠲᠤ ᠴᠢᠨᠠᠷ | ᠪᠠ ᠪᠣᠳᠠᠲᠤ ᠦᠷ᠎ᠡ ᠪᠦᠳᠦᠮᠵᠢᠳᠤ ᠴᠢᠨᠠᠷ ᠲᠠᠢ ᠶᠤᠮ᠃ ᠣᠨᠣᠯ ᠤᠨ ᠬᠢᠴᠢᠶᠡᠯᠯᠡᠭᠡ ᠶᠢᠨ ᠲᠠᠯ᠎ᠠ ᠪᠠᠷ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠠᠴᠠ ᠴᠡᠷᠢᠭ ᠠᠴᠠ | ᠬᠠᠯᠠᠭᠳᠠᠭᠰᠠᠳ ᠢ ᠤᠳᠤᠷᠢᠳᠬᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ᠂ ᠰᠡᠳᠬᠢᠴᠡ ᠶᠢᠨ | ᠵᠣᠬᠢᠴᠠᠭᠤᠯᠭ᠎ᠠ᠂ ᠨᠠᠢᠮᠠᠨ ᠬᠤᠰᠢᠭᠤᠨ ᠤ ᠪᠠᠶᠢᠳᠠᠯ ᠤᠨ ᠲᠠᠶᠢᠯᠤᠮᠵᠢ᠂ ᠠᠵᠢᠯ ᠮᠡᠷᠭᠡᠵᠢᠯ ᠤᠨ ᠲᠥᠯᠥᠪᠵᠢᠭᠦᠯᠭᠡ ᠵᠡᠷᠭᠡ | ᠭᠤᠤᠯ ᠰᠡᠳᠦᠪ ᠲᠤ ᠬᠤᠯᠪᠣᠭᠳᠠᠨ᠎ᠠ᠃ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠲᠠᠯ᠎ᠠ ᠪᠠᠷ᠂ | ᠴᠡᠷᠢᠭ ᠤᠨ ᠠᠯᠪᠠ ᠠᠴᠠ ᠬᠠᠯᠠᠭᠳᠠᠭᠰᠠᠳ ᠢ ᠠᠵᠤ ᠠᠬᠤᠶᠢᠯᠠᠯ ᠳᠤ ᠣᠷᠣᠭᠤᠯᠤᠨ ᠲᠣᠭᠤᠷᠢᠨ ᠦᠵᠡᠬᠦ᠂ | ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠭᠠᠵᠠᠷ ᠲᠤ ᠪᠠᠷᠠᠳᠠᠬᠤ ᠵᠡᠷᠭᠡ ᠠᠵᠢᠯᠯᠠᠭ᠎ᠠ ᠬᠢᠯᠭᠡᠬᠦ ᠪᠠᠷ | ᠲᠣᠬᠢᠷᠠᠭᠤᠯᠪᠠ᠃ ᠡᠭᠦᠨ ᠤ ᠬᠠᠮᠲᠤ᠂ ᠪᠠᠰᠠ ᠳᠤᠭᠤᠶᠢᠯᠠᠩ ᠬᠤᠪᠢᠶᠠᠨ ᠶᠠᠷᠢᠯᠴᠠᠬᠤ ᠭᠤᠭᠴᠤᠭ᠎ᠠ ᠭᠠᠷᠭᠠᠵᠤ᠂ ᠨᠠᠮ | ᠠᠴᠠ ᠴᠡᠷᠢᠭ ᠠᠴᠠ ᠬᠠᠯᠠᠭᠳᠠᠭᠰᠠᠳ ᠢ ᠤᠳᠤᠷᠢᠳᠬᠤ᠂ ᠠᠵᠢᠯ ᠣᠯᠭᠤᠯᠲᠠ ᠶᠢᠨ ᠰᠣᠯᠢᠯᠴᠠᠭ᠎ᠠ ᠵᠢᠴᠢ ᠪᠦᠯᠬᠦᠮ | ᠨᠡᠶᠢᠲᠡ ᠶᠢᠨ ᠬᠠᠮᠵᠢᠯᠴᠠᠭ᠎ᠠ ᠵᠡᠷᠭᠡ ᠶᠢᠨ ᠲᠣᠭᠤᠷᠢᠨ ᠳᠤ ᠰᠤᠳᠤᠯᠤᠨ ᠶᠠᠷᠢᠯᠴᠠᠬᠤ ᠪᠥᠭᠡᠳ ᠴᠡᠷᠢᠭ ᠠᠴᠠ | ᠬᠠᠯᠠᠭᠳᠠᠭᠰᠠᠳ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠵᠦ᠂ ᠴᠡᠷᠢᠭ ᠠᠴᠠ ᠬᠠᠯᠠᠭᠳᠠᠭᠰᠠᠳ ᠤᠨ | ᠠᠵᠤ ᠠᠬᠤᠶᠢᠯᠠᠯ ᠳᠤ ᠵᠣᠯᠭᠠᠭᠤᠯᠬᠤ ᠲᠠᠪᠴᠠᠩ ᠪᠠᠶᠢᠭᠤᠯᠵᠤ ᠥᠭᠪᠡ᠃ | ᠢᠷᠡᠭᠡᠳᠦᠢ ᠳᠤ᠂ ᠨᠠᠢᠮᠠᠨ ᠬᠤᠰᠢᠭᠤ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠷᠭᠦᠯᠵᠢᠯᠡᠨ ᠳᠡᠮᠵᠢᠯᠭᠡ | ᠦᠢᠯᠡᠴᠢᠯᠡᠭᠡ ᠬᠠᠩᠭᠠᠵᠤ᠂ ᠲᠡᠳᠡᠨ ᠤ ᠰᠢᠨ᠎ᠡ ᠠᠵᠢᠯ ᠤᠨ ᠪᠠᠶᠢᠷᠢ ᠳᠡᠭᠡᠷ᠎ᠡ ᠳᠠᠬᠢᠨᠲᠠ ᠭᠡᠷᠡᠯ ᠭᠢᠯᠪᠠᠭ᠎ᠠ ᠪᠠᠨ | ᠰᠠᠴᠤᠷᠠᠭᠤᠯᠵᠤ᠂ ᠨᠤᠲᠤᠭ ᠤᠰᠤ ᠪᠠᠨ ᠪᠦᠲᠦᠭᠡᠨ ᠪᠠᠶᠢᠭᠤᠯᠬᠤ ᠳᠤ ᠬᠦᠴᠦ ᠨᠡᠮᠡᠷᠢᠯᠡᠨ᠎ᠡ᠃ | |