3 ᠰᠠᠷ᠎ᠠ ᠶᠢᠨ 25 ᠤ ᠡᠳᠦᠷ᠂ ᠨᠠᠢᠮᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠬᠠᠨ ᠹᠧᠩ ᠦ᠋ ᠬᠤᠷᠠᠯ ᠡᠷᠭᠢᠯᠡᠵᠦ᠂ ᠳᠡᠳ᠋ ᠡᠷᠬᠢᠯᠡᠭᠴᠢ ᠪᠠᠶ ᠡᠷᠳᠡᠨᠢᠪᠠᠭᠠᠲᠤᠷ᠂ ᠶᠠᠩ | ᠴᠢᠩ ᠴᠦᠨ᠂ ᠯᠢ ᠰᠢᠨ᠂ ᠶᠠᠩ ᠳ᠋ᠧ ᠫᠧᠩ ᠬᠤᠷᠠᠯ ᠳᠤ ᠣᠷᠣᠯᠴᠠᠵᠠᠶ᠃ | | | | | ᠬᠤᠷᠠᠯ ᠠᠴᠠ 2024 ᠣᠨ ᠤ ᠣᠷᠴᠢᠨ ᠲᠣᠭᠤᠷᠢᠨ ᠤ ᠪᠠᠶᠢᠳᠠᠯ ᠪᠣᠯᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠤᠬᠠᠢ ᠮᠡᠳᠡᠭᠦᠯᠦᠯᠲᠡ᠂ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠵᠦ᠂ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ | ᠪᠠᠲᠤᠯᠠᠪᠠ᠃ | ᠬᠠᠨ ᠹᠧᠩ ᠦ᠋ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠲᠠᠯᠪᠢᠬᠤ ᠮᠥᠨ ᠴᠢᠨᠠᠷ ᠨᠢ ᠲᠥᠯᠥᠭᠡᠯᠡᠭᠴᠢ ᠠᠷᠠᠳ ᠲᠦᠮᠡᠨ ᠤ ᠠᠵᠢᠯᠯᠠᠭ᠎ᠠ ᠬᠢᠵᠦ ᠡᠷᠬᠡ ᠪᠠᠨ ᠬᠡᠷᠡᠭᠵᠢᠭᠦᠯᠬᠦ | ᠶᠠᠪᠤᠳᠠᠯ ᠪᠣᠯᠤᠨ᠎ᠠ᠂ ᠲᠡᠭᠦᠨ ᠤ ᠠᠮᠢᠵᠢᠷᠠᠯ ᠤᠨ ᠬᠦᠴᠦᠨ ᠨᠢ ︽ᠦᠨᠡᠨᠬᠦ ᠬᠢᠨᠠᠯᠲᠠ ᠲᠠᠯᠪᠢᠵᠤ᠂ ᠵᠣᠷᠢᠭᠲᠠᠶ ᠪᠠᠷ | ᠬᠢᠨᠠᠯᠲᠠ ᠲᠠᠯᠪᠢᠵᠤ᠂ ᠬᠢᠨᠠᠯᠲᠠ ᠲᠠᠯᠪᠢᠬᠤ ᠳᠤ ᠴᠢᠳᠠᠮᠠᠭᠠᠶ︾ ᠳᠤ ᠪᠠᠶᠢᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠠᠷ | ᠰᠡᠳᠦᠪ ᠢ ᠡᠪᠳᠡᠵᠦ᠂ ᠲᠦᠷᠢᠮ ᠤᠨ ᠰᠢᠨ᠎ᠡ ᠶᠢ ᠡᠭᠦᠳᠦᠨ ᠦᠷ᠎ᠡ ᠠᠰᠢᠭ ᠢ ᠨᠡᠮᠡᠭᠳᠡᠭᠦᠯᠵᠦ᠂ ᠬᠤᠯᠪᠣᠭᠠᠯᠠᠨ | ᠬᠥᠳᠡᠯᠦᠯᠴᠡᠵᠦ ᠬᠠᠮᠵᠢᠯᠴᠠᠨ ᠬᠦᠴᠦᠨ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ | ᠮᠥᠷᠥᠨ ᠳᠡᠭᠡᠷ᠎ᠡ ᠪᠠᠨ ᠡᠭᠦᠷᠭᠡᠯᠡᠵᠦ᠂ ᠭᠠᠷ ᠲᠠᠭᠠᠨ ᠠᠳᠬᠤᠵᠤ᠂ ᠪᠣᠳᠠᠲᠠᠶ ᠳᠤ ᠨᠠᠶᠢᠳᠠᠪᠤᠷᠢᠵᠢᠭᠤᠯᠤᠨ᠂ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠠᠩ ᠴᠦᠨ ᠱᠧᠩ᠂ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠸᠠᠩ ᠬᠤᠩ ᠰᠢᠶᠠ᠂ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠤᠯᠠᠭᠠᠨ᠂ ᠬᠤᠰᠢᠭᠤᠨ ᠤ ᠵᠠᠰᠠᠭ ᠤᠨ ᠣᠷᠳᠣᠨ ᠤ | ᠠᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠦᠩᠯᠢᠶᠣᠤ ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠨᠠᠢᠮᠠᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ᠂ ᠬᠠᠤᠯᠢ | ᠲᠦᠷᠢᠮ ᠤᠨ ᠵᠥᠪᠯᠡᠯ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢ᠂ ᠲᠣᠮᠢᠯᠠᠨ ᠰᠠᠭᠤᠯᠭᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠠᠯᠪᠠᠨ | ᠬᠡᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |