3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤᠨ ᠳᠠᠷᠤᠭ᠎ᠠ ᠢᠦᠶ ᠶᠦᠩ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠠᠵᠢᠯ ᠡᠬᠢᠯᠡᠬᠦ ᠪᠠᠷ | ᠪᠠᠶᠢᠭ᠎ᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠲᠣᠬᠢᠷᠠᠭᠤᠯᠤᠨ | ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠢ ᠮᠢᠨ᠂ ᠶᠠᠩ ᠹᠦ᠋ ᠵᠢᠶᠦ᠋ᠨ | ᠬᠤᠷᠠᠯ ᠳᠤ ᠣᠷᠣᠯᠴᠠᠵᠤ᠂ ᠡᠯ᠎ᠡ ᠲᠥᠷᠥᠯ ᠵᠦᠢᠯ ᠤᠨ ᠨᠢᠭᠡᠴᠢ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠵᠢᠴᠢ ᠲᠥᠷᠥᠯ ᠵᠦᠢᠯ ᠤᠨ ᠬᠠᠮᠢᠶᠠᠷᠤᠭᠴᠢ ᠬᠤᠷᠠᠯ ᠳᠤ ᠣᠷᠣᠯᠴᠠᠵᠠᠶ᠃ | | | | ᠬᠤᠷᠠᠯ ᠳᠡᠭᠡᠷ᠎ᠡ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠭᠰᠡᠨ ᠪᠦᠬᠦᠯᠢ ᠴᠣᠭᠴᠠ ᠶᠢᠨ ᠪᠠᠶᠢᠳᠠᠯ᠂ | ᠬᠠᠪᠤᠷ ᠤᠨ ᠤᠯᠠᠷᠢᠯ ᠤᠨ ᠠᠵᠢᠯ ᠡᠬᠢᠯᠡᠭᠦᠯᠬᠦ ᠪᠠᠷ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ | ᠭᠦᠢᠴᠡᠳᠬᠡᠭᠰᠡᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ | ᠰᠤᠳᠤᠯᠵᠤ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠲᠦᠷᠦᠯ ᠵᠦᠢᠯ ᠤᠨ ᠨᠢᠭᠡᠴᠢ ᠶᠢᠨ ᠬᠢᠨ ᠭᠤᠣᠯᠳᠠᠯᠭ᠎ᠠ ᠲᠠᠢ ᠲᠦᠷᠦᠯ | ᠵᠦᠢᠯ ᠤᠨ ᠭᠠᠷᠳᠠᠮ ᠢ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠭᠠᠷᠳᠠᠮ ᠢ ᠭᠦᠢᠴᠡᠳᠬᠡᠬᠦ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ | ᠠᠩᠬᠠᠷᠴᠤ᠂ ᠰᠠᠨᠠᠭᠠᠴᠢᠯᠠᠭ᠎ᠠ ᠠᠴᠠ ᠪᠠᠨ ᠮᠥᠷᠳᠡᠨ ᠦᠢᠯᠡᠴᠢᠯᠡᠵᠦ᠂ ᠤᠷᠢᠳᠴᠢᠯᠠᠨ ᠦᠢᠯᠡᠴᠢᠯᠡᠵᠦ᠂ ᠬᠢᠨᠠᠨ | ᠵᠥᠪᠰᠢᠶᠡᠷᠡᠬᠦ ᠲᠡᠰ ᠳᠠᠷᠠᠭᠠᠯᠠᠯ ᠢ ᠴᠢᠨᠠᠭᠰᠢᠳᠠ ᠳᠥᠭᠦᠮᠴᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠳᠥᠭᠦᠮ ᠳᠥᠲᠡ | ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ᠃ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ | ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠲᠦᠷᠦᠯ ᠵᠦᠢᠯ ᠢ | ᠵᠣᠯᠭᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠭᠠᠷᠳᠠᠮ ᠢ ᠪᠦᠬᠦ ᠲᠠᠯ᠎ᠠ ᠪᠠᠷ ᠲᠦᠷᠭᠡᠨ | ᠭᠦᠢᠴᠡᠳᠬᠡᠵᠦ᠂ ᠭᠦᠢᠴᠡᠳᠬᠡᠬᠦ ᠶᠢ ᠬᠠᠷᠰᠢᠯᠠᠵᠤ ᠪᠠᠶᠢᠭ᠎ᠠ ᠠᠬᠢᠴᠠ ᠵᠡᠷᠭᠡ ᠠᠰᠠᠭᠤᠳᠠᠯ ᠢ ᠴᠠᠭ ᠲᠤᠬᠠᠢ ᠳᠤᠨᠢ | ᠨᠡᠪᠲᠡᠷᠡᠯᠴᠡᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ | ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ ᠭᠡᠵᠦ ᠴᠢᠩᠭᠠᠳᠬᠠᠪᠠ᠃ |