ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠭ᠎ᠠ ᠪᠠᠷᠢᠮᠲᠠ ᠪᠠᠷ ᠡᠨᠧᠷᠭᠢ | ᠣᠯᠭᠤᠬᠤ ᠶᠢ ᠭᠦᠨᠵᠡᠭᠡᠶᠢᠷᠡᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠯᠲᠡ ᠶᠢ ᠴᠢᠩᠭᠠᠳᠬᠠᠨ᠂ | ︽ᠲᠤᠭᠠᠴᠢᠯᠠᠭᠰᠠᠨ ᠣᠶᠤᠨᠴᠢ + ᠠᠵᠢᠯ ᠣᠯᠭᠤᠵᠤ ᠠᠳᠠᠯ ᠦᠢᠯᠡᠰ ᠴᠣᠭᠴᠠᠯᠠᠬᠤ︾ ᠭᠤᠷᠪᠠᠨ ᠵᠦᠢᠯ ᠤᠨ | ᠬᠡᠯᠪᠡᠷᠢ ᠶᠢ ᠡᠭᠦᠳᠴᠦ᠂ ᠠᠷᠠᠳ ᠲᠤ ᠲᠥᠬᠦᠮ ᠠᠵᠤ ᠠᠬᠤᠶᠢᠯᠠᠯ ᠳᠤ ᠠᠰᠢᠭᠲᠠᠶ ᠰᠢᠨ᠎ᠡ ᠬᠥᠳᠡᠯᠭᠡᠭᠦᠷ ᠢ | ᠬᠥᠭᠵᠢᠭᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ | ᠠᠬᠢᠭᠤᠯᠪᠠ᠃ | | | | | ᠨᠢᠭᠡ ᠳᠤ ︽ᠲᠤᠭᠠᠴᠢᠯᠠᠭᠰᠠᠨ ᠣᠶᠤᠨᠴᠢ + ᠠᠵᠢᠯᠲᠠᠨ ᠡᠯᠰᠡᠬᠦ ᠠᠵᠢᠯᠯᠠᠭ᠎ᠠ︾ ᠶᠢᠨ ᠬᠡᠯᠪᠡᠷᠢ ᠶᠢ ᠡᠭᠦᠳᠪᠡ᠃ | Deepseek ᠵᠡᠷᠭᠡ AI ᠮᠡᠷᠭᠡᠵᠢᠯ ᠤᠨ ᠠᠵᠢᠯᠲᠠᠨ ᠡᠯᠰᠡᠬᠦ ᠠᠵᠢᠯᠯᠠᠭ᠎ᠠ᠂ ᠠᠵᠢᠯ ᠣᠯᠭᠤᠯᠲᠠ ᠶᠢ ᠵᠢᠯᠣᠭᠤᠳᠬᠤ | ᠵᠡᠷᠭᠡ ᠠᠬᠤᠶ ᠲᠠᠯᠠᠪᠠᠶ ᠳᠤ ᠬᠡᠷᠡᠭᠯᠡᠬᠦ ᠠᠷᠭ᠎ᠠ ᠶᠢ ᠭᠦᠨᠵᠡᠭᠡᠶ ᠠᠭᠤᠳᠠᠯᠵᠤ᠂ ᠵᠠᠩᠭᠢᠯᠠᠭ᠎ᠠ ᠶᠢᠨ ᠦᠭᠡ ᠶᠢ | ᠵᠢᠷᠤᠮᠵᠢᠭᠤᠯᠬᠤ᠂ ᠨᠢᠭᠡᠨᠲᠡ ᠪᠠᠶᠢᠭ᠎ᠠ ᠮᠠᠲ᠋ᠧᠷᠢᠶᠠᠯ ᠲᠠᠢ ᠤᠶᠠᠯᠳᠤᠭᠤᠯᠤᠨ ᠭᠦᠨᠵᠡᠭᠡᠶ ᠰᠡᠳᠬᠢᠨ ᠪᠣᠳᠣᠯᠬᠢᠯᠠᠵᠤ | ᠨᠡᠩᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠲᠠᠨ ᠡᠯᠰᠡᠬᠦ ᠲᠥᠰᠦᠯ ᠢ ᠲᠦᠷᠭᠡᠨ ᠪᠣᠶ ᠪᠣᠯᠭᠠᠬᠤ᠂ | ᠲᠥᠷᠥ ᠶᠢᠨ ᠪᠣᠳᠣᠯᠭ᠎ᠠ ᠶᠢ ᠶᠠᠷᠢᠯᠴᠠᠬᠤ ᠮᠡᠷᠭᠡᠵᠢᠯ ᠢ ᠲᠦᠢᠯ ᠤᠨ ᠲᠦᠷᠭᠡᠨ ᠰᠢᠯᠢᠳᠡᠭᠵᠢᠭᠦᠯᠬᠦ ᠶᠢ ᠪᠡᠶᠡᠯᠡᠭᠦᠯᠵᠦ᠂ | ᠠᠵᠢᠯᠯᠠᠭ᠎ᠠ ᠶᠢᠨ ᠪᠡᠯᠡᠳᠬᠡᠯ ᠠᠵᠢᠯ ᠤᠨ ᠦᠷ᠎ᠡ ᠪᠦᠲᠦᠮᠵᠢ ᠤᠯᠠᠮᠵᠢᠯᠠᠯᠲᠤ ᠠᠷᠭ᠎ᠠ ᠮᠠᠶ᠋ᠢᠭ ᠠᠴᠠ 60% ᠪᠠᠷ | ᠬᠠᠷᠢᠴᠠᠩᠭᠤᠶ ᠳᠡᠭᠡᠭᠰᠢᠯᠡᠨ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠷ᠎ᠡ ᠪᠦᠲᠦᠮᠵᠢ ᠶᠢ 70% ᠪᠠᠷ | ᠳᠡᠭᠡᠭᠰᠢᠯᠡᠬᠦ ᠶᠢᠨ ᠬᠠᠮᠲᠤ ᠵᠢᠭᠠᠨ ᠰᠤᠷᠭᠠᠯᠲᠠ ᠶᠢᠨ ᠸᠢᠳᠢᠣ᠋ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠪᠥᠬᠦ ᠬᠤᠰᠢᠭᠤᠨ ᠤ 15 ᠰᠤᠮᠤ ᠰᠢᠶᠠᠩ ᠪᠠᠯᠭᠠᠰᠤ᠂ 10 ᠨᠡᠶᠢᠭᠡᠮ ᠲᠣᠭᠤᠷᠢᠭ ᠲᠤ ᠬᠡᠷᠡᠭᠯᠡᠭᠡᠨ ᠤ ᠠᠷᠭ᠎ᠠ ᠶᠢ | ᠳᠡᠯᠭᠡᠷᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡ ᠶᠢ ︽ᠬᠥᠮᠦᠨ ᠤ ᠳᠠᠯᠠᠢ ᠶᠢᠨ ᠪᠠᠶᠢᠯᠳᠤᠬᠤ ᠠᠷᠭ᠎ᠠ︾ ᠠᠴᠠ | ︽ᠣᠶᠤᠨᠴᠢ ᠦᠢᠯᠡᠴᠢᠯᠡᠭᠡ︾ ᠳᠠᠰᠢ ᠬᠤᠪᠢᠷᠠᠭᠤᠯᠬᠤ ᠶᠢ ᠠᠬᠢᠭᠤᠯᠪᠠ᠃ | ᠬᠤᠶᠠᠷ ᠲᠤ᠂ ︽ᠲᠤᠭᠠᠴᠢᠯᠠᠭᠰᠠᠨ ᠣᠶᠤᠨᠴᠢ + ᠮᠡᠳᠡᠭᠡ ᠵᠠᠩᠭᠢ ᠶᠢᠨ ᠵᠣᠬᠢᠴᠠᠭᠤᠯᠭ᠎ᠠ︾ ᠶᠢᠨ ᠬᠡᠯᠪᠡᠷᠢ ᠶᠢ | ᠡᠭᠦᠳᠪᠡ᠃ ᠰᠦᠯᠵᠢᠶᠡᠨ ᠳᠡᠭᠡᠷᠡᠬᠢ ᠲᠠᠪᠴᠠᠩ ᠵᠢᠴᠢ ᠡᠯ᠎ᠡ ᠰᠤᠮᠤ ᠰᠢᠶᠠᠩ ᠪᠠᠯᠭᠠᠰᠤ ᠲᠠᠯᠠᠪᠠᠢ ︵ᠵᠡᠭᠡᠯᠢ ᠭᠤᠳᠤᠮᠵᠢ | ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ︽ᠠᠵᠢᠯ ᠡᠷᠢᠬᠦ ᠳᠡᠩᠰᠡᠯᠡᠯᠲᠡ ᠶᠢᠨ ᠮᠡᠷᠭᠡᠨ ᠴᠤᠬᠤᠷ︾ ᠢ | ᠨᠠᠭᠠᠨ ᠨᠡᠶᠢᠲᠡᠯᠡᠵᠦ᠂ ᠠᠵᠢᠯ ᠡᠷᠢᠬᠦ ᠰᠠᠨᠠᠮᠵᠢ ᠶᠢ ᠥᠷᠭᠡᠨ ᠢᠶᠠᠷ ᠴᠤᠭᠯᠠᠭᠤᠯᠬᠤ ᠶᠢᠨ ᠬᠠᠮᠲᠤ᠂ ᠬᠤᠰᠢᠭᠤᠨ | ᠳᠣᠲᠣᠷᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠲᠣᠮᠣ | ᠳ᠋ᠠᠶᠢᠲ᠋ᠠ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢᠨ | ᠬᠥᠮᠥᠷᠭᠡ ᠶᠢᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠵᠣᠬᠢᠴᠠᠯᠳᠤᠭᠰᠠᠨ ᠬᠡᠮᠵᠢᠶ᠎ᠡ ᠪᠠᠷ | ᠨᠡᠯᠢᠶᠡᠳ ᠥᠨᠳᠥᠷ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠠᠵᠢᠯ ᠡᠷᠢᠭᠴᠢ ᠶᠢᠨ ᠰᠢᠯᠵᠢᠮᠡᠯ ᠦᠵᠦᠭᠦᠷ ᠲᠤ ᠴᠠᠭ | ᠲᠤᠬᠠᠶ ᠳᠤᠨᠢ ᠬᠦᠷᠭᠡᠵᠦ᠂ ᠬᠥᠮᠦᠨ ᠪᠠ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠣᠨᠣᠪᠴᠢ ᠶᠢᠨ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠵᠢᠯ ᠤᠨ ᠡᠬᠢᠨ ᠠᠴᠠ ᠨᠠᠰᠢ᠂ ᠰᠦᠯᠵᠢᠶᠡᠨ ᠳᠡᠭᠡᠷ᠎ᠡ 5000 | ᠭᠠᠷᠤᠶ ᠬᠥᠮᠦᠨ ᠤᠳᠠᠭ᠎ᠠ ᠵᠣᠯᠭᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ 650 ᠬᠥᠮᠦᠨ | ᠤᠳᠠᠭ᠎ᠠ ᠠᠵᠢᠯᠴᠢᠨ ᠡᠯᠰᠡᠵᠡᠶ᠃ | ᠭᠤᠷᠪᠠ ᠳᠤ᠂ ︽ᠲᠤᠭᠠᠴᠢᠯᠠᠭᠰᠠᠨ ᠣᠶᠤᠨᠴᠢ + ᠵᠢᠭᠡᠯᠡᠯᠭᠡ ᠭᠤᠶᠤᠴᠢᠯᠠᠨ ᠠᠪᠬᠤ︾ ᠬᠡᠯᠪᠡᠷᠢ ᠶᠢ ᠡᠭᠦᠳᠪᠡ᠃ | ︽ᠭᠤᠶᠤᠴᠢᠯᠠᠬᠤ - ᠬᠢᠨᠠᠨ ᠬᠠᠷᠭᠤᠭᠤᠯᠬᠤ - ᠵᠣᠭᠤᠰ ᠲᠠᠯᠪᠢᠬᠤ︾ ᠰᠦᠯᠵᠢᠶᠡᠨ ᠳᠡᠭᠡᠷᠡᠬᠢ ᠦᠢᠯᠡᠴᠢᠯᠡᠭᠡᠨ ᠤ | ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠵᠢᠵᠢᠭ ᠫᠷᠦᠭᠷᠠᠮ ᠭᠠᠷᠭᠠᠵᠤ᠂ ᠨᠠᠷᠢᠯᠢᠭ ᠣᠨᠣᠴᠠᠲᠠᠶ ᠵᠢᠷᠤᠭ ᠤᠨ | ᠴᠢᠳᠠᠮᠵᠢ ᠪᠠᠷ ᠳᠠᠮᠵᠢᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ᠂ ᠠᠮᠢᠳᠤᠯᠢᠭ ᠢᠶᠠᠷ ᠠᠵᠢᠯ ᠣᠯᠤᠭᠰᠠᠳ ᠵᠡᠷᠭᠡ | ᠠᠳᠠᠯ ᠦᠢᠯᠡᠰ ᠴᠣᠭᠴᠠᠯᠠᠬᠤ ᠰᠠᠨᠠᠮᠵᠢ ᠲᠠᠢ ᠬᠥᠮᠦᠰ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ | ᠮᠠᠲ᠋ᠧᠷᠢᠶᠠᠯ ᠲᠤᠰᠢᠶᠠᠬᠤ ᠵᠡᠷᠭᠡ ᠵᠢᠭᠡᠯᠡᠯᠭᠡ ᠭᠤᠶᠤᠴᠢᠯᠠᠬᠤ ᠦᠢᠯᠡᠴᠢᠯᠡᠭᠡ ᠬᠠᠩᠭᠠᠵᠤ᠂ ᠳᠤᠮᠳᠠᠴᠢ ᠭᠦᠢᠴᠡᠳᠭᠡᠬᠦ | ᠴᠠᠭ ᠢ 4 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠣᠭᠤᠨᠢᠰᠬᠠᠵᠤ᠂ ᠤᠯᠠᠮᠵᠢᠯᠠᠯᠲᠤ ᠭᠦᠢᠴᠡᠳᠭᠡᠬᠦ ᠵᠠᠭᠪᠤᠷ ᠤᠨ | ᠦᠷ᠎ᠡ ᠪᠦᠲᠦᠮᠵᠢ ᠶᠢ 40% ᠳᠡᠭᠡᠭᠰᠢᠯᠡᠭᠦᠯᠪᠡ᠃ ᠰᠦᠯᠵᠢᠶᠡᠨ ᠳᠡᠭᠡᠷᠡᠬᠢ ᠤᠷᠢᠳᠴᠢᠯᠠᠨ ᠬᠢᠨᠠᠬᠤ ᠴᠢᠳᠠᠮᠵᠢ ᠶᠢ | ᠪᠠᠶᠢᠭᠤᠯᠤᠭᠰᠠᠨ ᠠᠴᠠ ᠨᠠᠰᠢ᠂ 23 ᠬᠤᠪᠢ ᠰᠦᠯᠵᠢᠶᠡᠨ ᠳᠡᠭᠡᠷᠡᠬᠢ ᠨᠡᠷ᠎ᠡ ᠮᠡᠳᠡᠭᠦᠯᠬᠦ ᠶᠢ ᠭᠥᠯᠢᠶᠡᠨ ᠠᠪᠴᠤ | ᠰᠢᠢᠳᠪᠦᠷᠢᠯᠡᠪᠡ᠃ | |