ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 2025 ᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠳᠤ ᠲᠣᠬᠢᠷᠠᠭᠤᠯᠤᠯᠲᠠ ᠬᠢᠬᠦ ᠲᠤᠬᠠᠶ  ᠮᠡᠳᠡᠭᠳᠡᠯ
ᠨᠡᠶᠢᠲᠡᠯᠡᠭᠰᠡᠨ ᠴᠠᠭ᠄
2025/4/18
                            ᠨᠠᠢᠮᠠᠨ ᠵᠠᠰᠠᠭ ᠠᠯᠪᠠᠨ ᠦᠰᠦᠭ  ﹇2025﹈ 4 ᠳ᠋ᠤᠬᠡᠷ ᠲᠣᠭᠠᠲᠤ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠢ ᠶᠢᠨ ᠬᠠᠮᠢᠶᠠᠷᠤᠯᠲᠠ ᠶᠢᠨ ᠵᠥᠪᠯᠡᠯ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄    ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠦᠬᠦ ᠨᠡᠶᠢᠭᠡᠮ ᠤᠨ ᠬᠢᠨ ᠤ ᠭᠠᠯ ᠤᠨ ᠠᠶᠤᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨ ᠠᠶᠤᠯ ᠤᠨ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ︾ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠭᠤᠤᠯᠳᠠᠯᠭ᠎ᠠ ᠲᠠᠢ ᠨᠢᠭᠡᠴᠢ ᠶᠢᠨ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠡᠶᠢᠭᠡᠮ ᠳᠤ ᠨᠡᠶᠢᠲᠡᠯᠡᠬᠦ ᠪᠠᠷ ᠳᠠᠮᠵᠢᠨ᠂ ᠡᠳᠦᠷ ᠲᠤᠲᠤᠮ ᠤᠨ ᠠᠵᠢᠯ ᠤᠨ ᠡᠵᠡᠮᠰᠢᠯ ᠲᠠᠢ ᠤᠶᠠᠯᠳᠤᠭᠤᠯᠤᠨ᠂ ᠰᠤᠳᠤᠯᠬᠤ ᠪᠠᠷ ᠳᠠᠮᠵᠢᠨ᠂ ᠡᠳᠦᠭᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ 96 ᠨᠢᠭᠡᠴᠢ ︵ᠪᠣᠳᠠᠲᠠᠶ ᠨᠡᠷᠡᠰ ᠢ ᠳᠠᠭᠠᠯᠳᠤᠭᠤᠯᠤᠯ ᠳᠤ ᠦᠵᠡ︶ ᠶᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠵᠦᠢᠯ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠢ ᠶᠢᠨ ᠬᠠᠮᠢᠶᠠᠷᠤᠯᠲᠠ ᠶᠢᠨ ᠵᠥᠪᠯᠡᠯ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾ ︽ᠲᠥᠷᠥ ᠶᠢᠨ ᠶᠠᠪᠤᠳᠠᠯ ᠤᠨ ᠬᠤᠷᠢᠶᠠᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ︽ᠵᠠᠰᠠᠭ ᠤᠨ ᠣᠷᠳᠣᠨ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠠᠵᠢᠯ ᠲᠥᠷᠥᠯ ᠤᠨ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠬᠤ᠂ ᠨᠡᠶᠢᠭᠡᠮ ᠨᠢᠭᠡᠴᠢ ᠡᠵᠡᠨ ᠮᠡᠳᠡᠨ ᠬᠠᠷᠢᠭᠤᠴᠠᠬᠤ︾ ᠬᠠᠷᠢᠭᠤᠴᠠᠯᠭ᠎ᠠ ᠶᠢᠨ ᠲᠤᠭᠲᠠᠯᠴᠠᠭ᠎ᠠ ᠶᠢᠨ ᠱᠠᠭᠠᠷᠳᠠᠯᠭ᠎ᠠ ᠶᠣᠰᠣᠭᠠᠷ ᠬᠠᠷᠢᠶ᠎ᠠ ᠣᠷᠣᠨ᠂ ᠬᠠᠷᠢᠶ᠎ᠠ ᠠᠵᠢᠯ ᠲᠥᠷᠥᠯ ᠤᠨ ᠳᠣᠲᠣᠷᠠᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠠᠨ ᠤ ᠭᠤᠤᠯᠳᠠᠯᠭ᠎ᠠ ᠲᠠᠢ ᠨᠢᠭᠡᠴᠢ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠴᠢᠩᠭ᠎ᠠ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠭᠠᠯ ᠤᠨ ᠠᠶᠤᠯ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃    ᠬᠤᠶᠠᠷ᠂ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠨᠤᠭᠤᠳ ︽ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠲᠣᠭᠲᠠᠭᠠᠯ︾ ︵ᠳᠣᠲᠣᠭᠠᠳᠤ ᠶᠢ ᠬᠠᠮᠠᠭᠠᠯᠠᠬᠤ ᠶᠠᠮᠤᠨ ᠤ 120 ᠳ᠋ᠤᠭᠠᠷ ᠲᠣᠭᠠᠲᠤ ᠵᠠᠷᠯᠢᠭ︶ ᠤᠨ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠤᠰ ᠭᠠᠵᠠᠷ ᠣᠷᠣᠨ ᠤ ᠪᠠᠨ ᠭᠠᠯ ᠤᠨ ᠠᠶᠤᠯ ᠤᠨ ᠵᠢᠮ᠎ᠡ ᠶᠣᠰᠣ᠂ ᠣᠨᠴᠠᠯᠢᠭ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠡᠷᠡᠭᠴᠡᠭᠡ ᠶᠢ ᠦᠨᠳᠦᠰᠦᠯᠡᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ︔ ᠭᠠᠯ ᠤᠨ ᠠᠶᠤᠯ ᠣᠯᠠᠨ ᠭᠠᠷᠳᠠᠭ ᠤᠯᠠᠷᠢᠯ᠂ ᠴᠢᠬᠤᠯᠠ ᠶᠡᠭᠡ ᠪᠠᠶᠠᠷ ᠤᠨ ᠡᠳᠦᠷ᠂ ᠴᠢᠬᠤᠯᠠ ᠶᠡᠭᠡ ᠠᠵᠢᠯᠯᠠᠭ᠎ᠠ ᠠᠴᠠ ᠡᠮᠦᠨ᠎ᠡ ᠪᠠ ᠪᠠᠶᠠᠷ ᠤᠨ ᠡᠳᠦᠷ᠂ ᠠᠵᠢᠯᠯᠠᠭ᠎ᠠ ᠶᠢᠨ ᠬᠤᠭᠤᠴᠠᠭᠠᠨ ᠳᠤᠮᠳᠠ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ ᠬᠥᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠲᠤ ᠬᠠᠷᠢᠶᠠᠯᠠᠭᠳᠠᠬᠤ ᠭᠠᠯ ᠰᠡᠷᠭᠡᠶᠢᠯᠡᠵᠦ ᠤᠨᠲᠠᠷᠠᠭᠠᠬᠤ ᠠᠶᠤᠯ ᠠᠴᠠ ᠬᠠᠮᠠᠭᠠᠯᠠᠬᠤ ᠭᠤᠤᠯᠳᠠᠯᠭ᠎ᠠ ᠲᠠᠢ ᠨᠢᠭᠡᠴᠢ ᠳᠤ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ  ᠶᠢᠨ ᠬᠠᠷᠢᠭᠤᠴᠠᠯᠭ᠎ᠠ ᠡᠭᠦᠷᠭᠡᠯᠡᠭᠴᠢ᠂ ᠬᠠᠮᠢᠶᠠᠷᠤᠭᠴᠢ ᠶᠢ ᠵᠣᠬᠢᠶᠠᠨ ᠪᠠᠶᠢᠭᠤᠯᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠤᠨ ᠬᠤᠷᠠᠯ ᠢ ᠨᠢᠭᠡ ᠤᠳᠠᠭ᠎ᠠ ᠬᠤᠷᠠᠯᠳᠤᠭᠤᠯᠬᠤ ᠬᠡᠷᠡᠭᠲᠡᠶ᠃ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠠᠵᠢᠯ ᠢ ᠰᠠᠶᠢᠲᠤᠷ ᠬᠢᠵᠦ᠂ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠰᠤᠭᠤᠴᠢᠨ ᠪᠠᠶᠢᠴᠠᠭᠠᠬᠤ ᠭᠤᠣᠯᠳᠠᠯᠭ᠎ᠠ ᠪᠠ ᠤᠳᠠᠭ᠎ᠠ ᠶᠢ ᠴᠠᠭ ᠲᠣᠬᠠᠢ ᠳᠤᠨᠢ ᠲᠣᠬᠢᠷᠠᠭᠤᠯᠬᠤ ᠬᠡᠷᠡᠭᠲᠡᠢ᠃        ᠭᠤᠷᠪᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ ᠰᠢᠮᠳᠠᠭᠤᠯᠵᠤ ᠪᠠᠶᠢᠭᠠᠳ ᠡᠳᠦᠷ ᠲᠤᠲᠤᠮ ᠤᠨ ᠭᠠᠯ ᠰᠡᠷᠭᠡᠶᠢᠯᠡᠵᠦ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠣᠰᠣᠭᠠᠷ ᠪᠠᠶᠢᠴᠠᠭᠠᠯᠲᠠ ᠶᠢᠨ ᠳᠤᠮᠳᠠ ᠭᠤᠤᠯᠳᠠᠯᠭ᠎ᠠ ᠲᠠᠢ ᠨᠢᠭᠡᠴᠢ ᠶᠢᠨ ᠪᠠᠷᠢᠮᠵᠢᠶ᠎ᠠ ᠳᠤ ᠨᠡᠶᠢᠴᠡᠬᠦ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠰ ᠳᠠᠷᠠᠭᠠᠯᠠᠯ ᠶᠣᠰᠣᠭᠠᠷ ᠨᠡᠮᠡᠵᠦ ᠨᠥᠬᠦᠪᠥᠷᠢᠯᠡᠬᠦ ᠬᠡᠷᠡᠭᠲᠡᠶ᠃    ᠳᠥᠷᠪᠡ᠂ ᠡᠯ᠎ᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠨᠦᠭᠦᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ︽ᠲᠥᠷᠥ ᠶᠢᠨ ᠶᠠᠪᠤᠳᠠᠯ ᠤᠨ ᠬᠤᠷᠢᠶᠠᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢᠨ ᠠᠷᠪᠠᠨ ᠲᠠᠪᠤᠳᠤᠭᠠᠷ ᠵᠦᠢᠯ᠂ ᠠᠷᠪᠠᠨ ᠵᠢᠷᠭᠤᠳᠤᠭᠠᠷ ᠵᠦᠢᠯ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠳᠣᠤᠷᠠᠬᠢ ᠮᠡᠲᠦ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄    ︵ᠨᠢᠭᠡ︶ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠡᠭᠦᠷᠭᠡᠯᠡᠭᠴᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ᠂ ᠠᠵᠢᠯᠯᠠᠬᠤ ᠳᠦᠷᠢᠮ᠂ ᠭᠠᠯ ᠰᠡᠷᠭᠡᠶᠢᠯᠡᠵᠦ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠤᠷᠢᠳᠴᠢᠯᠠᠭᠰᠠᠨ ᠲᠥᠰᠦᠯ ᠢ ᠲᠣᠭᠲᠠᠭᠠᠬᠤ ᠬᠡᠷᠡᠭᠲᠡᠶ᠃ ᠭᠠᠯ ᠰᠡᠷᠭᠡᠶᠢᠯᠡᠵᠦ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠪᠠᠶᠢᠴᠠᠭᠠᠵᠤ ᠬᠢᠨᠠᠨ ᠰᠢᠯᠭᠠᠵᠤ᠂ ᠡᠯ᠎ᠡ ᠵᠦᠢᠯ ᠤᠨ ᠲᠦᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃    ︵ᠬᠤᠶᠠᠷ︶ ᠭᠠᠯ ᠰᠡᠷᠭᠡᠶᠢᠯᠡᠬᠦ ᠪᠠᠶᠢᠴᠠᠭᠠᠯᠲᠠ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ᠂ ᠲᠤᠰᠬᠠᠶ ᠲᠤᠰᠢᠶᠠᠯ ᠤᠨ ᠪᠤᠶᠤ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠣᠯᠤᠨ ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠬᠡᠷᠡᠭᠰᠡᠬᠦ ᠪᠡᠯᠡ ᠮᠥᠩᠭᠦ ᠶᠢᠨ ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠮᠤᠷ ᠲᠦᠪᠰᠢᠨ ᠤ ᠵᠠᠷᠤᠳᠠᠯ ᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠵᠣᠬᠢᠬᠤ ᠬᠠᠷᠢᠴᠠᠯ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ᠃    ︵ᠭᠤᠷᠪᠠ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ ᠲᠣᠬᠢᠷᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠡᠮᠳᠡᠭ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠪᠦᠷᠢᠨ ᠪᠦᠲᠦᠨ᠂ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠪᠠᠶᠢᠴᠠᠭᠠᠨ ᠰᠢᠯᠭᠠᠭᠰᠠᠨ ᠲᠡᠮᠳᠡᠭᠯᠡᠯ ᠢ ᠳᠠᠩᠰᠠ ᠡᠪᠬᠡᠮᠡᠯ ᠳᠤ ᠣᠷᠣᠭᠤᠯᠤᠨ ᠳᠠᠩᠰᠤᠯᠠᠭᠤᠯᠬᠤ ᠬᠡᠷᠡᠭᠲᠡᠢ᠃    ︵ᠲᠦᠷᠪᠡ︶ ᠲᠠᠷᠬᠠᠭᠠᠬᠤ ᠨᠡᠪᠲᠡᠷᠡᠯ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠰᠠᠭᠠᠳ ᠦᠭᠡᠶ ᠨᠡᠪᠲᠡᠷᠡᠬᠦ ᠵᠠᠮ ᠤᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠣᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠬᠤᠭᠤᠷᠣᠨᠳᠣᠬᠢ ᠵᠠᠶ ᠨᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠬᠥᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠭᠠᠷᠭᠠᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠣᠯᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠳᠤ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃    ︵ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ ᠪᠠᠶᠢᠭᠤᠯᠤᠮᠵᠢ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠳᠣᠷᠬᠠᠶᠢᠯᠠᠬᠤ ᠶᠢᠨ ᠬᠠᠮᠲᠤ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠮᠡᠳᠡᠭᠦᠯᠵᠦ᠂ ᠲᠣᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ  ᠤ ᠬᠠᠮᠢᠶᠠᠷᠤᠭᠴᠢ ᠨᠢ ᠭᠠᠯ ᠤᠨᠲᠠᠷᠠᠭᠠᠬᠤ ᠪᠤᠯᠪᠠᠰᠤᠷᠠᠯ ᠢ ᠬᠦᠷᠲᠡᠭᠰᠡᠨ ᠪᠠᠶᠢᠬᠤ ᠬᠡᠷᠡᠭᠲᠡᠶ᠃    ︵ᠵᠢᠷᠭᠤᠭ᠎ᠠ︶ ᠭᠠᠯ ᠰᠡᠷᠭᠡᠶᠢᠯᠡᠵᠦ ᠤᠨᠲᠠᠷᠠᠭᠠᠬᠤ ᠳᠠᠩᠰᠠ ᠡᠪᠬᠡᠮᠡᠯ ᠢ ᠪᠠᠶᠢᠭᠤᠯᠤᠨ᠂ ᠭᠠᠯ ᠰᠡᠷᠭᠡᠶᠢᠯᠡᠵᠦ  ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠣᠷᠣᠨ ᠪᠠᠶᠢᠷᠢ ᠶᠢ ᠲᠣᠭᠲᠠᠭᠠᠵᠤ᠂ ᠭᠠᠯ ᠰᠡᠷᠭᠡᠶᠢᠯᠡᠬᠦ ᠲᠡᠮᠳᠡᠭ ᠪᠠᠶᠢᠷᠢᠯᠠᠭᠤᠯᠤᠨ᠂ ᠴᠢᠩᠭ᠎ᠠ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃    ︵ᠳᠤᠯᠤᠭ᠎ᠠ︶ ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠵᠢᠯᠲᠠᠨ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠤᠨ᠂ ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢᠨ ︽ᠭᠤᠷᠪᠠ ᠶᠢ ᠮᠡᠳᠡᠬᠦ᠂ ᠳᠥᠷᠪᠡᠨ ᠬᠤᠷᠠᠯ ᠪᠠ ᠨᠢᠭᠡ ᠶᠢ ᠬᠠᠮᠲᠤᠷᠠᠭᠤᠯᠬᠤ︾ ᠱᠠᠭᠠᠷᠳᠠᠯᠭ᠎ᠠ ᠶᠢ ᠪᠡᠶᠡᠯᠡᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠨ᠂ ᠡᠷᠲᠡ ᠤᠨᠲᠠᠷᠠᠭᠠᠬᠤ᠂ ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ︔ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠣᠷᠣᠨ ᠪᠦᠰᠡ ᠶᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠳᠤ ᠢᠳᠡᠪᠬᠢᠲᠡᠶ ᠣᠷᠣᠯᠴᠠᠵᠤ ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃    ︵ᠨᠠᠢᠮᠠ︶ ᠭᠠᠯ ᠰᠡᠷᠭᠡᠶᠢᠯᠡᠵᠦ ᠤᠨᠲᠠᠷᠠᠭᠠᠬᠤ ᠣᠶᠤᠨᠴᠢ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠯᠤᠰ ᠠᠴᠠ ᠬᠢᠨᠠᠨ ᠡᠵᠡᠮᠳᠡᠬᠦ᠂ ᠴᠠᠬᠢᠯᠭᠠᠨ ᠤ ᠭᠠᠯ ᠤᠨ ᠠᠶᠤᠯ ᠢ ᠬᠢᠨᠠᠨ ᠬᠡᠮᠵᠢᠬᠦ᠂ ᠪᠠᠷᠠᠭ᠎ᠠ ᠶᠢᠨ ᠰᠦᠯᠵᠢᠶ᠎ᠡ ᠶᠢᠨ ᠮᠡᠷᠭᠡᠵᠢᠯ ᠵᠡᠷᠭᠡ ᠮᠡᠷᠭᠡᠵᠢᠯ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠡᠭᠯᠡᠬᠦ ᠬᠡᠷᠡᠭᠲᠡᠢ᠃    ︵ᠶᠢᠰᠦ︶ ᠴᠠᠬᠢᠯᠭᠠᠨ ᠬᠡᠷᠡᠭᠰᠡᠯ ᠤᠨ ᠦᠢᠯᠡᠳᠬᠦᠨ᠂ ᠰᠢᠲᠠᠮᠠᠬᠠᠶ ᠬᠡᠢ ᠶᠢᠨ ᠬᠡᠷᠡᠭᠰᠡᠯ ᠤᠭᠰᠠᠷᠠᠵᠤ ᠬᠡᠷᠡᠭᠯᠡᠬᠦ ᠪᠠ ᠴᠠᠬᠢᠯᠭᠠᠨ ᠬᠡᠷᠡᠭᠯᠡᠬᠦ ᠤᠲᠠᠰᠤᠨ ᠱᠤᠭᠤᠮ᠂ ᠬᠤᠭᠤᠯᠠᠶ ᠶᠢᠨ ᠤᠲᠠᠰᠤ ᠨᠢ ᠡᠷᠬᠡᠪᠰᠢ ᠬᠠᠮᠢᠶ᠎ᠠ ᠪᠦᠬᠦᠢ ᠪᠠᠷᠢᠮᠵᠢᠶ᠎ᠠ ᠪᠣᠯᠤᠨ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠶᠢᠨ ᠠᠶᠤᠯ ᠦᠭᠡᠶ ᠶᠢᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠵᠤ᠂ ᠪᠠᠶᠢᠴᠠᠭᠠᠨ ᠬᠡᠮᠵᠢᠬᠦ ᠬᠡᠷᠡᠭᠲᠡᠶ᠃        ︵ᠠᠷᠪᠠ︶ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠤᠯᠪᠠᠰᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠶ᠃ ᠬᠦᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ ᠲᠤ ᠪᠦᠬᠦ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠬᠠᠭᠠᠰ ᠵᠢᠯ ᠪᠦᠷᠢ ᠨᠢᠭᠡ ᠤᠳᠠᠭ᠎ᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠤᠯᠪᠠᠰᠤᠷᠠᠯ ᠬᠢᠵᠦ᠂ ᠠᠵᠢᠯᠲᠠᠨ ᠠᠵᠢᠯᠴᠢᠨ ᠤ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠪᠣᠯᠤᠨ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠮᠢ ᠵᠢᠭᠤᠲᠠᠬᠤ ᠮᠡᠷᠭᠡᠵᠢᠯ ᠤᠨ ᠴᠢᠳᠠᠪᠤᠷᠢ ᠶᠢ ᠨᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃    ︵ᠠᠷᠪᠠᠨ ᠨᠢᠭᠡ︶ ᠲᠣᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠳᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠶ ︵ᠲᠠᠷᠣᠢ᠄ ᠭᠠᠯ ᠤᠨ ᠠᠶᠤᠯ ᠤᠨ ᠳᠠᠯᠳᠠ ᠭᠡᠮ ᠢ ᠪᠠᠶᠢᠴᠠᠭᠠᠨ ᠠᠷᠢᠯᠭᠠᠬᠤ ᠴᠢᠳᠠᠪᠤᠷᠢ᠂ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ  ᠪᠤᠯᠪᠠᠰᠤᠷᠠᠯ ᠤᠨ ᠴᠢᠳᠠᠪᠤᠷᠢ᠂ ᠬᠥᠮᠦᠰ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠴᠢᠳᠠᠪᠤᠷᠢ᠂ ᠠᠩᠬᠠᠨ ᠤ ᠭᠠᠯ ᠤᠨ ᠠᠶᠤᠯ ᠢ ᠵᠣᠬᠢᠶᠠᠨ ᠪᠠᠶᠢᠭᠤᠯᠤᠨ ᠤᠨᠲᠠᠷᠠᠭᠠᠬᠤ ᠴᠢᠳᠠᠪᠤᠷᠢ︶ ᠭᠠᠯ ᠰᠡᠷᠭᠡᠶᠢᠯᠡᠵᠦ ᠤᠨᠲᠠᠷᠠᠭᠠᠬᠤ  ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃    ︵ᠠᠷᠪᠠᠨ ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢᠨ ︽ᠵᠢᠷᠭᠤᠭ᠎ᠠ ᠨᠡᠮᠡᠬᠦ‍ ᠨᠢᠭᠡ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ︵ᠲᠤᠬᠠᠶᠢᠯᠠᠪᠠᠯ᠄ ᠨᠢᠭᠡ ᠤᠳᠠᠭᠠᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠨᠡᠯᠡᠨ ᠵᠢᠱᠢᠯᠲᠡ ᠶᠢ ᠥᠷᠨᠢᠭᠦᠯᠵᠦ᠂ ᠨᠢᠭᠡ ᠬᠤᠪᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠨᠢᠭᠡ ᠤᠳᠠᠭ᠎ᠠ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠨᠢᠭᠡ ᠤᠳᠠᠭ᠎ᠠ ᠴᠠᠬᠢᠯᠭᠠᠨ ᠬᠡᠢ ᠪᠠ ᠰᠢᠲᠠᠮᠠᠬᠠᠶ ᠬᠡᠢ ᠶᠢᠨ ᠱᠤᠭᠤᠮ ᠤᠨ ᠪᠡᠯᠡᠳᠬᠡᠮᠵᠢ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠯᠭᠠᠬᠤ᠂ ᠨᠢᠭᠡ ᠤᠳᠠᠭ᠎ᠠ ᠲᠣᠰᠣᠨ ᠤᠲᠤᠭ᠎ᠠ ᠶᠢᠨ ᠬᠤᠭᠤᠯᠠᠶ᠂ ᠨᠢᠭᠡ ᠤᠳᠠᠭ᠎ᠠ ᠪᠦᠬᠦ ᠠᠵᠢᠯᠲᠠᠨ ᠠᠵᠢᠯᠴᠢᠨ ᠢ ᠲᠥᠪᠯᠡᠷᠡᠭᠦᠯᠦᠨ ᠪᠣᠯᠪᠠᠰᠤᠷᠠᠭᠤᠯᠬᠤ ᠶᠢᠨ ᠬᠠᠮᠲᠤ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢ ᠪᠠᠶᠢᠭᠤᠯᠬᠤ ᠬᠡᠷᠡᠭᠲᠡᠶ᠃︶ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃    ︵ᠠᠷᠪᠠᠨ ᠭᠤᠷᠪᠠ︶ ︽ᠭᠤᠷᠪᠠ ᠶᠢ ᠡᠵᠡᠨ ᠮᠡᠳᠡᠭᠦ ᠬᠤᠶᠠᠷ ᠢ ᠢᠯᠡ ᠪᠤᠯᠭᠠᠬᠤ ᠨᠢᠭᠡ ᠶᠢ ᠠᠮᠠᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠬᠠᠮᠲᠤ᠂ ︽ᠭᠤᠷᠪᠠ ᠶᠢ ᠡᠵᠡᠨ ᠮᠡᠳᠡᠬᠦ ᠬᠤᠶᠠᠷ ᠢ ᠢᠯᠡ ᠪᠤᠯᠭᠠᠬᠤ ᠨᠢᠭᠡ ᠶᠢ ᠠᠮᠠᠯᠠᠬᠤ︾ ᠢᠯᠡ ᠨᠡᠶᠢᠲᠡᠯᠡᠬᠦ ᠫᠠᠶᠢᠰᠠ ᠶᠢ ᠡᠯᠭᠦᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠡᠭᠦᠨ ᠤ ᠬᠠᠮᠲᠤ᠂ ᠲᠤᠰ ᠨᠢᠭᠡᠴᠢ ᠶᠢᠨ ᠢᠶᠠᠨ ᠢᠯᠡᠷᠬᠡᠶ ᠣᠷᠣᠨ ᠪᠠᠶᠢᠷᠢ ᠳᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠨᠢᠭᠡ ᠶᠢ ᠮᠡᠳᠡᠬᠦ ᠭᠤᠷᠪᠠ ᠶᠢ ᠴᠢᠳᠠᠬᠤ︾᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠭᠤᠷᠪᠠᠨ ᠰᠠᠨᠠᠭᠤᠯᠤᠮᠵᠢ︾ ᠶᠢᠨ ᠫᠠᠶᠢᠰᠠ ᠶᠢ ᠡᠯᠭᠦᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠬᠤ ᠬᠡᠷᠡᠭᠲᠡᠢ᠃    ︵ᠠᠷᠪᠠᠨ ᠳᠥᠷᠪᠡᠳᠦᠭᠡᠷ︶ ᠭᠠᠯ ᠰᠡᠷᠭᠡᠶᠢᠯᠡᠬᠦ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠬᠦᠮᠦᠨ ᠬᠠᠷ᠎ᠠ ᠣᠯᠠᠨ ᠴᠤᠭᠯᠠᠷᠠᠬᠤ ᠲᠠᠯᠠᠪᠤᠷ ᠭᠠᠵᠠᠷ  ᠶᠢᠨ ᠡᠵᠡᠩᠨᠡᠯᠲᠡ ᠶᠢᠨ ᠬᠤᠭᠤᠴᠠᠭᠠᠨ ᠳᠤ ᠬᠤᠶᠠᠷ ᠴᠠᠭ ᠪᠦᠷᠢ ᠨᠢᠭᠡ ᠤᠳᠠᠭ᠎ᠠ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ᠪᠤᠰᠤᠳ ᠲᠠᠯᠠᠪᠤᠷ ᠭᠠᠵᠠᠷ ᠲᠤ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠡᠳᠦᠷ ᠪᠦᠷᠢ ᠨᠢᠭᠡ ᠤᠳᠠᠭ᠎ᠠ ᠠᠴᠠ ᠳᠤᠲᠠᠭᠤ ᠦᠭᠡᠢ ᠬᠢᠬᠦ ᠶᠢᠨ ᠬᠠᠮᠲᠤ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃    ︵ᠠᠷᠪᠠᠨ ᠲᠠᠪᠤ︶ ᠭᠠᠯ ᠰᠡᠷᠭᠡᠶᠢᠯᠡᠵᠦ ᠤᠨᠲᠠᠷᠠᠭᠠᠬᠤ ᠡᠵᠡᠮᠰᠢᠯ ᠤᠨ ᠲᠠᠰᠤᠭ ᠲᠠᠢ ᠪᠠᠶᠢᠪᠠᠯ᠂ ᠡᠯ᠎ᠡ ᠲᠥᠷᠥᠯ ᠤᠨ ᠳᠦᠷᠢᠮ ᠵᠢᠴᠢ ᠡᠬᠡ ᠳᠠᠩᠰᠠ ᠶᠢ ᠪᠦᠷᠢᠨᠰᠢᠭᠦᠯᠵᠦ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 ᠠᠴᠠ ᠳᠡᠭᠡᠭᠰᠢ ᠬᠥᠮᠥᠨ ᠠᠴᠠ ᠳᠤᠲᠠᠭᠤ ᠦᠭᠡᠢ ᠪᠠᠶᠢᠯᠭᠠᠬᠤ ᠶᠢᠨ ᠬᠠᠮᠲᠤ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠡᠵᠡᠮᠳᠡᠯ ᠤᠨ ᠲᠠᠰᠤᠭ ᠤᠨ ᠵᠢᠷᠤᠮᠵᠢᠯ ᠲᠠᠢ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠠᠷᠪᠠᠨ ᠵᠢᠷᠭᠤᠭ᠎ᠠ︶ ᠭᠠᠯ ᠰᠡᠷᠭᠡᠶᠢᠯᠡᠵᠦ ᠤᠨᠲᠠᠷᠠᠭᠠᠬᠤ ᠠᠮᠥᠷ ᠳᠥᠪᠰᠢᠨ ᠤ ᠬᠠᠮᠢᠶᠡᠷᠦᠯᠳᠡ ᠶᠢᠨ ᠠᠵᠢᠯᠳᠡᠨ ᠂ ᠪᠡᠯᠡᠳᠭᠡᠮᠵᠢ ᠶᠢ ᠠᠷᠠᠴᠢᠯᠠᠨ ᠬᠠᠮᠠᠭᠠᠯᠠᠬᠤ᠂ ᠭᠠᠯ ᠰᠡᠷᠭᠡᠶᠢᠯᠡᠵᠦ ᠤᠨᠲᠠᠷᠠᠭᠠᠬᠤ ᠠᠮᠥᠷ ᠳᠥᠪᠰᠢᠨ ᠤ ᠦᠪᠡᠷ ᠢ ᠪᠠᠨ ᠦᠨᠡᠯᠡᠨ ᠵᠢᠱᠢᠬᠦ ᠭᠤᠷᠪᠡᠨ ᠵᠦᠢᠯ ᠤᠨ ᠮᠡᠳᠡᠬᠦᠯᠥᠨ ᠳᠡᠩᠰᠡᠯᠡᠭᠤᠯᠬᠤ ᠳᠥᠷᠢᠮ ᠢ ᠭᠡᠷᠡᠭᠵᠢᠬᠦᠯᠵᠦ᠂ ᠨᠢᠭᠡᠴᠢ ᠶᠢᠨ ᠭᠠᠯ ᠰᠡᠷᠭᠡᠶᠢᠯᠡᠯᠲᠡ ᠶᠢᠨ ᠠᠮᠥᠷ ᠳᠥᠪᠰᠢᠨ ᠤ ᠦᠪᠡᠷ ᠢ ᠪᠠᠨ ᠬᠠᠮᠢᠶᠡᠷᠬᠤ ᠶᠢ  ᠪᠡᠶᠡᠯᠡᠭᠦᠯᠬᠦ ᠬᠡᠷᠡᠭᠲᠡᠢ᠃    ︵ᠠᠷᠪᠠᠨ ᠳᠣᠯᠤᠭ᠎ᠠ︶ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠤᠨ ᠱᠤᠭᠤᠮ ᠲᠣᠭᠲᠠᠭᠠᠬᠤ ᠪᠠ ᠲᠡᠮᠳᠡᠭ ᠫᠠᠶᠢᠰᠠ ᠪᠠᠶᠢᠷᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃    ︵ᠠᠷᠪᠠᠨ ᠨᠠᠶᠢᠮᠠ︶ ᠣᠯᠠᠨ ᠬᠥᠮᠦᠨ ᠦᠬᠦᠵᠦ  ᠰᠢᠷᠠᠭᠲᠤᠬᠤ ᠭᠠᠯ ᠤᠨ ᠠᠶᠤᠯ ᠬᠢᠯᠪᠠᠷᠬᠠᠨ ᠭᠠᠷᠳᠠᠭ ᠬᠦᠮᠦᠨ ᠬᠠᠷ᠎ᠠ ᠤᠯᠠᠨ ᠴᠤᠭᠯᠠᠷᠠᠬᠤ ᠲᠠᠯᠠᠪᠤᠷ ᠭᠠᠵᠠᠷ᠂ ᠨᠣᠴᠣᠮᠠᠲᠠᠭᠠᠶ ᠲᠡᠰᠦᠷᠡᠮᠡᠲᠡᠭᠡᠶ ᠨᠢᠭᠡᠴᠢ ᠪᠣᠯᠤᠨ ᠥᠨᠳᠥᠷ ᠳᠠᠪᠬᠤᠷᠭᠠᠲᠤ ᠣᠯᠠᠨ ᠨᠡᠶᠢᠲᠡ ᠶᠢᠨ ᠪᠠᠷᠢᠯᠭ᠎ᠠ ᠵᠡᠷᠭᠡ ᠨᠢᠭᠡᠴᠢ ᠨᠦᠭᠦᠳ ᠲᠣᠭᠲᠠᠮᠠᠯ ᠬᠤᠭᠤᠴᠠᠭ᠎ᠠ ᠲᠠᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠤᠨ  ᠬᠤᠷᠠᠯ ᠬᠤᠷᠠᠯᠳᠤᠭᠤᠯᠵᠤ᠂ ᠲᠤᠰ ᠨᠢᠭᠡᠴᠢ ᠶᠢᠨ ᠢᠶᠠᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠰᠤᠳᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠣᠷᠣᠭᠤᠯᠤᠯᠲᠠ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠪᠡᠯᠡᠳᠬᠡᠮᠵᠢ ᠲᠥᠬᠦᠭᠡᠷᠦᠮᠵᠢ ᠪᠣᠯᠤᠨ ᠲᠠᠷᠬᠠᠭᠠᠵᠤ ᠵᠢᠯᠣᠭᠤᠳᠬᠤ ᠪᠠᠭᠠᠵᠢ ᠬᠡᠷᠡᠭᠰᠡᠯ ᠢ ᠲᠣᠭᠲᠠᠭᠠᠯ ᠶᠣᠰᠣᠭᠠᠷ ᠲᠣᠬᠢᠷᠠᠭᠤᠯᠬᠤ ᠬᠡᠷᠡᠭᠲᠡᠶ︔ ᠭᠠᠯ ᠰᠡᠷᠭᠡᠶᠢᠯᠡᠵᠦ  ᠤᠨᠲᠠᠷᠠᠭᠠᠬᠤ ᠠᠮᠤᠷ ᠲᠦᠪᠰᠢᠨ ᠤ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠬᠢᠷᠢ ᠭᠡᠮ ᠲᠠᠢ ᠪᠠᠶᠢᠭᠤᠯᠤᠮᠵᠢ ᠠᠴᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠵᠦ ᠮᠡᠳᠡᠭᠦᠯᠦᠭᠰᠡᠨ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠭᠠᠯ ᠤᠨ ᠠᠶᠤᠯ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠶ᠃   

ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠢ ᠶᠢᠨ ᠨᠡᠷᠡᠰ.doc

 

 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号