ᠨᠠᠢᠮᠠᠨ ᠬᠤᠰᠢᠭᠤᠨ ᠤ ︽ᠨᠤᠭᠤᠨᠵᠠᠶᠠᠭ᠎ᠠ ᠶᠢᠨ ᠤᠯᠠᠮᠵᠢᠯᠠᠯ ᠶᠠᠷᠢᠶ᠎ᠠ︾ ᠨᠢ ᠨᠠᠢᠮᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢᠶᠠᠷ ᠵᠦᠪᠰᠢᠶᠡᠷᠡᠭᠳᠡᠪᠡ
ᠨᠡᠶᠢᠲᠡᠯᠡᠭᠰᠡᠨ ᠴᠠᠭ᠄
2025/4/25
 ᠨᠠᠢᠮᠠᠨ ᠬᠤᠰᠢᠭᠤᠨ ᠤ ᠰᠣᠶᠣᠯ ᠢ ᠠᠭᠤᠳᠠᠯᠬᠤ ᠪᠠ ᠤᠷᠠᠯᠢᠭ ᠢ ᠵᠣᠬᠢᠶᠠᠨ ᠪᠦᠲᠦᠭᠡᠬᠦ ᠬᠦᠷᠢᠶᠡᠨ ᠳᠠᠬᠢ᠂ ︽ᠨᠤᠭᠤᠨᠵᠠᠶᠠᠭ᠎ᠠ︾ ᠭᠡᠬᠦ ᠬᠤᠷᠴᠢᠨ ᠠᠷᠠᠳ ᠤᠨ ᠳᠠᠭᠤᠤ ᠨᠢ ᠬᠥᠮᠦᠰ ᠲᠤ ᠭᠦᠨ ᠰᠠᠭᠤᠭᠳᠠᠯ ᠦᠭᠭᠦᠭᠰᠡᠨ ᠶᠤᠮ᠃ ᠨᠠᠢᠮᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠠᠷᠠᠳ ᠤᠨ ᠠᠮᠠᠨ ᠰᠤᠳᠤᠯᠤᠯ ᠤᠨ ᠲᠥᠷᠥᠯ ᠵᠦᠢᠯ ᠨᠡᠶᠢᠲᠡ  ᠭᠤᠷᠪᠠ ᠪᠠᠶᠢᠵᠤ᠂ ︽ᠨᠤᠭᠤᠨᠵᠠᠶᠠᠭ᠎ᠠ ᠶᠢᠨ ᠤᠯᠠᠮᠵᠢᠯᠠᠯ ᠶᠠᠷᠢᠶ᠎ᠠ︾ ᠪᠣᠯ ᠡᠭᠦᠨ ᠤ ᠳᠣᠲᠣᠷᠠᠬᠢ ᠨᠢᠭᠡ ᠨᠢ ᠪᠣᠯᠤᠨ᠎ᠠ᠃
1.jpg
ᠰᠢ ᠪᠢᠯᠢᠭ ᠤᠤᠯ ᠨᠢ ᠨᠠᠢᠮᠠᠨ ᠬᠤᠰᠢᠭᠤᠨ ᠤ ᠠᠷᠠᠳ ᠤᠨ ᠤᠷᠠᠯᠢᠭᠴᠢᠨ ᠪᠠᠶᠢᠪᠠ᠂ 2017 ᠣᠨ ᠳᠤ  ᠪᠤᠭᠲᠤ ᠡᠯᠡᠰᠦᠨ ᠴᠦᠯ ᠤᠨ ᠵᠢᠭᠤᠯᠴᠢᠯᠠᠯ ᠤᠨ ᠣᠷᠣᠨ ᠳᠤ ᠬᠦᠷᠴᠦ ᠠᠵᠢᠯᠯᠠᠵᠤ᠂ ᠭᠤᠣᠯᠳᠠᠭᠤ ᠲᠣᠭᠯᠠᠯᠲᠠ᠂ ᠵᠣᠴᠢᠨ ᠤᠭᠲᠤᠬᠤ᠂ ᠭᠡᠷᠡᠯ ᠵᠢᠷᠤᠭ ᠤᠨ ᠪᠦᠯᠬᠦᠮ ᠢ ᠬᠦᠯᠢᠶᠡᠨ ᠠᠪᠬᠤ ᠵᠡᠷᠭᠡ ᠠᠵᠢᠯ ᠢ ᠬᠠᠷᠢᠭᠤᠴᠠᠪᠠ᠃ ᠲᠠᠷᠡ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠢᠮᠠᠭᠲᠠ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠭᠤᠶᠤᠴᠢᠯᠠᠬᠤ ᠠᠵᠢᠯ ᠢᠶᠠᠨ ᠰᠤᠯᠠᠷᠠᠭᠤᠯᠤᠭᠰᠠᠨ ᠦᠭᠡᠢ᠃ ᠲᠡᠭᠦᠨ ᠤ ᠴᠦᠬᠦᠷᠡᠰᠢ ᠦᠭᠡᠢ ᠴᠢᠷᠮᠠᠶᠢᠯᠠᠭ᠎ᠠ ᠪᠠᠷ᠂ ᠡᠨᠡ ᠵᠢᠯ ᠤᠨ 1 ᠰᠠᠷ᠎ᠠ ᠳᠤ᠂ ︽  ᠨᠤᠭᠤᠨᠵᠠᠶᠠᠭ᠎ᠠ  ᠶᠢᠨ ᠤᠯᠠᠮᠵᠢᠯᠠᠯ ᠶᠠᠷᠢᠶ᠎ᠠ︾ ᠨᠢ ᠨᠠᠢᠮᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠢᠶᠠᠷ ᠵᠦᠪᠰᠢᠶᠡᠷᠡᠭᠳᠡᠪᠡ᠃
2.jpg
  ︽︿ᠨᠤᠭᠤᠨᠵᠠᠶᠠᠭ᠎ᠠ﹀ ᠪᠣᠯ ᠮᠢᠨᠦ ᠬᠠᠮᠤᠭ ᠤᠨ ᠪᠠᠭ᠋ᠠᠷᠬᠠᠳᠠᠭ ᠠᠷᠠᠳ ᠤᠨ ᠳᠠᠭᠤᠤ ᠮᠥᠨ᠂ ᠲᠣᠰᠬᠤᠨ ᠤ ᠳᠣᠲᠣᠷ᠎ᠠ ᠶᠠᠮᠠᠷ ᠪᠠᠶᠠᠷ ᠳᠤᠷᠠᠰᠬᠠᠯ ᠤᠨ ᠤᠴᠢᠷ ᠪᠠᠶᠢᠪᠠᠯ ᠶᠠᠭᠠᠬᠢᠭᠰᠠᠨ ᠴᠤ ︽ᠨᠤᠭᠤᠨᠵᠠᠶᠠᠭ᠎ᠠ︾ ᠭᠡᠬᠦ ᠳᠠᠭᠤᠤ     ᠶᠢ ᠳᠠᠭᠤᠯᠠᠳᠠᠭ᠃ ᠡᠨᠡ ᠳᠠᠭᠤᠤ ᠨᠢ ᠪᠠᠰᠠ ᠨᠢᠭᠡ ᠨᠤᠭᠤᠨᠵᠠᠶᠠᠭ᠎ᠠ ᠶᠢᠨ ᠤᠯᠠᠮᠵᠢᠯᠠᠯ ᠶᠠᠷᠢᠶ᠎ᠠ ᠭᠡᠬᠦ ᠦᠯᠢᠭᠡᠷ ᠪᠠᠶᠢᠳᠠᠭ᠂ ᠪᠢ ᠲᠤᠬᠠᠢ ᠶᠢᠨ ᠭᠠᠵᠠᠷ ᠤᠨ ᠰᠢᠯᠢᠳᠡᠭ ᠤᠯᠠᠮᠵᠢᠯᠠᠯᠲᠤ ᠰᠣᠶᠣᠯ ᠢᠶᠠᠨ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ ᠰᠠᠶ᠋ᠢ ᠪᠣᠳᠠᠰ ᠤᠨ ᠪᠤᠰᠤ ᠰᠣᠶᠣᠯ ᠤᠨ ᠥᠪ ᠢ ᠭᠤᠶᠤᠴᠢᠯᠠᠨ ᠮᠡᠳᠡᠭᠦᠯᠦᠭᠰᠡᠨ ᠶᠤᠮ︾ ᠭᠡᠵᠦ ᠪᠤᠭᠲᠤ  ᠶᠢᠨ ᠡᠯᠡᠰᠦᠨ ᠴᠦᠯ ᠤᠨ ᠵᠢᠭᠤᠯᠴᠢᠯᠠᠯ ᠤᠨ ᠣᠷᠣᠨ ᠤ ᠤᠷᠠᠨ ᠰᠠᠶᠢᠬᠠᠨ ᠤ ᠬᠡᠯᠲᠡᠰ ᠤᠨ ᠡᠷᠬᠢᠯᠡᠭᠴᠢ ᠰᠢ ᠪᠢᠯᠢᠭ ᠬᠡᠯᠡᠪᠡ᠃
3.jpg
︽ᠯᠤᠤᠬ᠎ᠠ ᠶᠢᠨ ᠭᠤᠤᠯ  ᠤᠨ ᠬᠦᠪᠡᠭᠡᠨ ᠳᠡᠭᠡᠷ᠎ᠡ᠂ ᠨᠤᠭᠲᠤ ᠪᠠᠨ ᠴᠢᠷᠠᠭᠰᠠᠨ ᠮᠤᠷᠢ ᠡ᠂ ᠨᠤᠮᠤᠬᠠᠨ ᠵᠠᠩ ᠲᠠᠢ ᠨᠤᠭᠤᠨᠵᠠᠶᠠᠭ᠎ᠠ᠂ ᠨᠤᠲᠤᠭ ᠠᠴᠠ ᠪᠠᠨ ᠬᠤᠯᠠ ᠵᠠᠶᠠᠭᠠᠵᠠᠢ ᠁︾  ᠡᠨᠡᠬᠦ ᠠᠯᠳᠠᠷᠲᠤ ᠬᠤᠷᠴᠢᠨ ᠠᠷᠠᠳ ᠤᠨ ᠳᠠᠭᠤᠤ ︽ᠨᠤᠭᠤᠨᠵᠠᠶᠠᠭ᠎ᠠ︾ ᠨᠢ ︽  ᠳᠤᠮᠳᠠᠳᠤ ᠶᠢᠨ 56 ᠦᠨᠳᠦᠰᠦᠲᠡᠨ ᠤ ᠳᠠᠭᠤᠤ︾ ᠳᠤ ᠰᠤᠩᠭᠤᠭᠳᠠᠵᠤ ᠦᠩᠭᠡᠷᠡᠵᠡᠢ᠃ ᠥᠨᠥᠳᠥᠷ ᠪᠣᠯᠲᠠᠯ᠎ᠠ᠂ ᠨᠢᠭᠡᠨᠲᠡ ᠬᠦᠮᠦᠰ ᠤᠨ ᠰᠡᠳᠭᠢᠯ ᠳᠤ ᠬᠠᠳᠠᠩᠰᠢᠨ᠂ ᠮᠠᠰᠢ ᠣᠯᠠᠨ ᠴᠤᠭᠯᠠᠭᠠᠨ ᠤ ᠲᠠᠯᠠᠪᠤᠷ ᠲᠤ᠂ ᠨᠢᠭᠡ ᠨᠢ ᠡᠬᠢᠯᠡᠨ ᠳᠠᠭᠤᠯᠠᠬᠤ ᠳᠤ ᠪᠤᠰᠤᠳ ᠨᠢ ᠲᠠᠭᠠᠨ ᠳᠠᠭᠤᠯᠠᠳᠠᠭ᠃ ᠰᠢ ᠪᠢᠯᠢᠭ ᠤᠳᠠᠭ᠎ᠠ ᠪᠦᠷᠢ ᠲᠠᠭᠤᠯᠠᠬᠤ ᠠᠴᠠ ᠡᠮᠤᠨ᠎ᠠ ᠰᠤᠨᠤᠰᠤᠭᠴᠢᠳ ᠳᠤ ᠲᠠᠭᠤᠤ ᠶᠢᠨ ᠦᠯᠢᠬᠡᠷ ᠢ ᠶᠠᠷᠢᠵᠤ᠂  ᠲᠤᠰ ᠲᠠᠭᠤᠤ  ᠶᠢᠨ ᠲᠤᠬᠠᠢ ᠨᠡᠩ ᠤᠯᠠᠨ ᠬᠠᠶᠢᠷ᠎ᠠ ᠰᠡᠳᠭᠢᠯᠭᠡ ᠶᠢᠨ ᠬᠠᠮᠳᠤ ᠶᠢᠨ ᠲᠠᠨᠢᠯᠳᠠ ᠲᠠᠢ ᠪᠤᠯᠭᠠᠵᠠᠢ᠃
4.jpg
︽ᠪᠢ ᠡᠨᠡ ᠠᠷᠠᠳ ᠤᠨ ᠳᠠᠭᠤᠤ ᠶᠢ ᠳᠠᠭᠤᠯᠠᠬᠤ ᠪᠦᠷᠢ ᠤᠷᠢᠳᠠᠪᠠᠷ ᠵᠢᠭᠤᠯᠴᠢᠯᠠᠭᠴᠢᠳ ᠲᠤ  ᠨᠤᠭᠤᠨᠵᠠᠶᠠᠭ᠎ᠠ ᠶᠢᠨ ᠦᠯᠢᠭᠡᠷ ᠢ ᠶᠠᠷᠢᠵᠤ ᠦᠭᠭᠦᠳᠡᠭ᠃ ᠠᠪᠤ ᠡᠵᠢ ᠨᠢ ᠡᠵᠡᠨ ᠮᠡᠳᠡᠭᠰᠡᠨ ᠤᠷᠤᠭ ᠬᠤᠷᠢᠮ ᠳᠣᠣᠷ᠎ᠠ ᠭᠤᠶᠢᠲᠠ ᠰᠠᠶᠢᠬᠠᠨ᠂ ᠴᠠᠶᠢᠯᠭᠠᠨ ᠰᠡᠳᠭᠢᠯ ᠲᠠᠢ ᠨᠤᠭᠤᠨᠵᠠᠶᠠᠭ᠎ᠠ ᠬᠠᠷᠢ ᠨᠤᠲᠤᠭ ᠲᠤ ᠮᠣᠷᠳᠠᠵᠤ᠂  ᠴᠢᠯᠥᠭᠡᠲᠡᠶ ᠢᠨᠠᠭᠯᠠᠬᠤ ᠪᠠ ᠠᠮᠢᠳᠤᠷᠠᠬᠤ ᠶᠢ ᠬᠦᠰᠡᠨ ᠮᠥᠷᠥᠭᠡᠳᠴᠦ ᠨᠤᠲᠤᠭ ᠤᠰᠤ ᠪᠠ ᠲᠥᠷᠥᠯ ᠰᠠᠳᠤᠨ ᠢᠶᠠᠨ ᠮᠥᠷᠥᠭᠡᠳᠦᠨ ᠰᠠᠨᠠᠭᠠᠯᠵᠠᠵᠤ ᠡᠴᠦᠰ ᠲᠤ ᠪᠠᠨ ᠬᠠᠷᠢ ᠭᠠᠵᠠᠷ ᠡᠪᠡᠳᠴᠢᠨ ᠢᠶᠠᠷ ᠨᠠᠰᠤ ᠪᠠᠷᠠᠵᠠᠶ᠃ ᠬᠠᠷᠢ ᠳᠤ ᠮᠤᠷᠳᠠᠬᠤ ᠳᠤ  ᠠᠪᠴᠤ ᠶᠠᠪᠤᠭᠰᠠᠨ ᠮᠤᠷᠢ ᠨᠢ  ᠯᠤᠭᠲᠤ ᠪᠠᠨ ᠴᠢᠷᠠᠵᠤ ᠯᠣᠤᠬ᠎ᠠ ᠶᠢᠨ ᠭᠤᠣᠯ ᠤᠨ ᠬᠥᠪᠡᠭᠡᠨ ᠳᠤ ᠢᠷᠡᠬᠦ ᠳᠤ᠂ ᠠᠳᠤᠭᠤᠴᠢᠨ ᠤᠯᠵᠤ ᠬᠠᠷᠠᠭᠠᠳ᠂ ᠨᠣᠶᠠᠨᠵᠠᠶᠠᠭ᠎ᠠ ᠶᠢᠨ ᠠᠪᠤ ᠡᠵᠢ ᠳᠤ ᠬᠡᠵᠦ ᠦᠭᠬᠦ ᠳᠤ᠂  ᠠᠪᠤ ᠡᠵᠢ ᠨᠢ ᠨᠤᠭᠤᠨᠵᠠᠶᠠᠭ᠎ᠠ ᠬᠠᠷᠢ ᠭᠠᠵᠠᠷ  ᠲᠤ ᠨᠠᠰᠤ ᠪᠠᠷᠤᠪᠠ ᠭᠡᠵᠦ ᠲᠦᠷᠦᠭᠳᠡᠪᠡ᠃ ᠡᠨᠡ ᠳᠠᠭᠤᠤ ᠪᠣᠯ ᠡᠨᠡ ᠦᠯᠢᠭᠡᠷ ᠠᠴᠠ ᠡᠭᠦᠰᠦᠭᠰᠡᠨ ᠶᠤᠮ︾ ᠭᠡᠵᠦ ᠰᠢ ᠪᠢᠯᠢᠭ ᠬᠡᠯᠡᠪᠡ᠃
 ︽ᠪᠢ 2016 ᠣᠨ ᠠᠴᠠ ᠡᠬᠢᠯᠡᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠤᠭᠤᠨᠵᠠᠶᠠᠭ᠎ᠠ ᠶᠢᠨ ᠥᠯᠢᠭᠡᠷ ᠲᠥᠷᠥᠯ ᠵᠦᠢᠯ ᠢ ᠭᠤᠶᠤᠴᠢᠯᠠᠨ ᠮᠡᠳᠡᠭᠦᠯᠵᠡᠢ᠂ 2018 ᠣᠨ ᠳᠤ ᠮᠡᠳᠡᠭᠦᠯᠦᠯᠲᠡ ᠶᠢ ᠪᠠᠲᠤᠯᠠᠪᠠ᠃ 2022 ᠣᠨ ᠳᠤ᠂ ᠨᠤᠭᠤᠨᠵᠠᠶᠠᠭ᠎ᠠ ᠶᠢᠨ ᠦᠯᠢᠭᠡᠷ ᠬᠤᠳᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢᠶᠠᠷ ᠪᠠᠲᠤᠯᠠᠭᠳᠠᠪᠠ᠃ 2024 ᠣᠨ ᠤ 1 ᠰᠠᠷ᠎ᠠ ᠳᠤ᠂ ᠪᠢ ᠬᠤᠳᠠ ᠶᠢᠨ ᠲᠡᠰ ᠤᠨ ᠨᠤᠭᠤᠨᠵᠠᠶᠠᠭ᠎ᠠ ᠶᠢᠨ ᠦᠯᠢᠭᠡᠷ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠣᠯᠵᠠᠢ᠃ 2024 ᠣᠨ ᠤ 5 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 2025 ᠣᠨ ᠤ 1 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠲᠥᠷᠥᠯ ᠵᠦᠢᠯ ᠢᠶᠠᠷ ᠪᠠᠲᠤᠯᠠᠭᠳᠠᠪᠠ᠃ ᠡᠨᠡ ᠬᠡᠳᠦᠨ ᠵᠢᠯ ᠤᠨ ᠴᠢᠷᠮᠠᠶᠢᠯᠠᠭ᠎ᠠ ᠪᠠᠷ ᠪᠣᠯ ᠨᠡᠯᠢᠶᠡᠳ ᠰᠠᠶᠢᠨ ᠦᠷ᠎ᠡ ᠳ᠋ᠦᠩ ᠤᠯᠤᠭᠰᠠᠨ ᠪᠠᠶᠢᠨ᠎ᠠ︾ ᠭᠡᠵᠦ ᠰᠢ ᠪᠢᠯᠢᠭ ᠬᠡᠯᠡᠪᠡ᠃    54 ᠨᠠᠰᠤᠲᠠᠶ ᠰᠢ ᠪᠢᠯᠢᠭ ᠳᠤ ᠠᠪᠴᠤ ᠬᠡᠯᠡᠪᠡᠯ᠂ ᠨᠠᠢᠮᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠨᠢ ᠲᠡᠭᠦᠰᠬᠡᠯ ᠪᠢᠰᠢ᠂ ᠬᠤᠷᠴᠢᠨ ᠠᠷᠠᠳ ᠤᠨ ᠳᠠᠭᠤᠤ ᠶᠢᠨ ᠷᠢᠳᠢ ᠰᠢᠳᠢ ᠶᠢ ᠭᠦᠨᠵᠡᠭᠡᠶ ᠠᠭᠤᠳᠠᠯᠬᠤ ᠭᠡᠪᠡᠯ ᠪᠠᠰᠠ ᠨᠠᠩ ᠣᠯᠠᠨ ᠤᠷᠠᠯᠢᠭ ᠤᠨ ᠬᠡᠯᠪᠡᠷᠢ ᠪᠠᠷ ᠢᠯᠡᠷᠡᠭᠦᠯᠵᠦ᠂ ᠠᠷᠠᠳ ᠲᠦᠮᠡᠨ ᠳᠤ ᠬᠠᠷᠢᠶᠠᠯᠠᠭᠳᠠᠬᠤ ᠵᠦᠢᠯ ᠢ ᠤᠯᠠᠮᠵᠢᠯᠠᠨ ᠪᠠᠳᠠᠷᠠᠭᠤᠯᠬᠤ ᠪᠤᠯᠤᠨ᠎ᠠ᠃    ᠠᠷᠠᠳ ᠤᠨ ᠳᠠᠭᠤᠤ ᠠᠷᠠᠳ ᠤᠨ ᠳᠤᠮᠳᠠ ᠰᠠᠶ᠋ᠢ‌ᠤᠯᠠᠮᠵᠢᠯᠠᠯ ᠪᠠ ᠪᠠᠳᠠᠷᠠᠯ ᠢ ᠣᠯᠵᠤ ᠴᠢᠳᠠᠨ᠎ᠠ᠃ ︽ᠨᠤᠭᠤᠨᠵᠠᠶᠠᠭ᠎ᠠ︾ ᠮᠡᠲᠦ ᠶᠢᠨ ᠠᠷᠠᠳ ᠤᠨ ᠳᠠᠭᠤᠤ ᠶᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠰᠢ ᠪᠢᠯᠢᠭ 2019 ᠣᠨ ᠳᠤ ᠮᠠᠩᠬᠠᠨ ᠴᠤᠤᠷᠢᠶ᠎ᠠ ᠠᠷᠠᠳ ᠤᠨ ᠤᠷᠠᠯᠢᠭ ᠤᠨ ᠪᠦᠯᠬᠦᠮ ᠢ ᠲᠦᠷᠦᠭᠦᠯᠡᠨ ᠪᠠᠶᠢᠭᠤᠯᠵᠤ᠂ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠵᠥᠪᠬᠡᠨ 7 ᠬᠥᠮᠦᠨ ᠲᠠᠢ ᠪᠠᠶᠢᠭᠰᠠᠨ ᠠᠴᠠ ᠪᠠᠨ ᠤᠳᠤ ᠪᠣᠯᠲᠠᠯ᠎ᠠ ᠨᠢᠭᠡᠨᠲᠡ 30 ᠭᠠᠷᠤᠶ ᠬᠥᠮᠦᠨ ᠲᠠᠢ ᠪᠣᠯᠵᠠᠶ᠃    ᠪᠦᠯᠬᠦᠮ ᠤᠨ ᠭᠡᠰᠢᠭᠦᠳ ᠪᠣᠯ ᠳᠠᠭᠤᠤ ᠳᠠᠭᠤᠯᠠᠬᠤ᠂ ᠪᠥᠵᠢᠭ ᠪᠥᠵᠢᠭᠯᠡᠬᠦ᠂ ᠬᠤᠭᠤᠷ ᠲᠠᠲᠠᠬᠤ ᠳᠤᠷᠠᠲᠠᠢ ᠮᠠᠯᠴᠢᠨ ᠲᠠᠷᠢᠶᠠᠴᠢᠨ ᠪᠣᠯᠤᠨ᠎ᠠ᠃ ︽ᠬᠡᠳᠦ᠋ᠢᠪᠡᠷ ᠡᠳᠦᠷ ᠤᠨ ᠠᠵᠢᠯ ᠶᠠᠭᠠᠷᠠᠤ ᠪᠠᠶᠢᠭᠰᠠᠨ ᠴᠤ ᠰᠢ ᠪᠢᠯᠢᠭ ᠪᠠᠭᠰᠢ ᠤᠷᠤᠢ ᠳᠤ ᠪᠠᠨ ᠢᠷᠡᠵᠦ ᠪᠢᠳᠡᠨ ᠤ  ᠪᠥᠵᠢᠭᠯᠡᠵᠦ᠂  ᠳᠠᠭᠤᠯᠠᠬᠤ᠂ ᠲᠠᠲᠠᠬᠤ ᠶᠢ ᠵᠢᠯᠤᠭᠤᠳᠤᠨ᠎ᠠ᠃ ︿ᠨᠤᠭᠤᠨᠵᠠᠶᠠᠭ᠎ᠠ﹀ ᠬᠡᠬᠦ ᠲᠠᠭᠤᠤ ᠪᠦᠵᠢᠭ ᠤᠨ ᠬᠠᠪᠰᠤᠷᠤᠭᠴᠢ ᠪᠤᠯ ᠮᠠᠨ ᠤ ᠬᠠᠮᠤᠭ ᠤᠨ ᠠᠪᠢᠶᠠᠰᠤᠯᠢᠭ ᠲᠤᠭᠯᠠᠯᠲᠠ ᠪᠤᠯᠤᠨ᠎ᠠ︾ ᠭᠡᠵᠦ ᠮᠠᠩᠬᠠᠨ ᠴᠤᠤᠷᠢᠶ᠎ᠠ ᠠᠷᠠᠳ ᠤᠨ ᠪᠦᠯᠬᠦᠮ ᠤᠨ ᠳᠠᠷᠤᠭ᠎ᠠ ᠪᠤᠤ ᠯᠢᠦ ᠰᠢ ᠬᠡᠯᠡᠪᠡ᠃
8.jpg
︽ᠨᠤᠭᠤᠨᠵᠠᠶᠠᠭ᠎ᠠ ᠶᠢᠨ ᠤᠯᠠᠮᠵᠢᠯᠠᠯ ᠶᠠᠷᠢᠶ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ ᠰᠢ ᠪᠢᠯᠢᠭ ᠪᠤᠯᠤᠨ ᠤᠷᠠᠯᠢᠭ ᠤᠨ ᠪᠦᠯᠬᠦᠮ ᠤᠨ ᠭᠡᠰᠢᠭᠦᠳ ᠡᠯ᠎ᠡ ᠲᠥᠷᠥᠯ ᠤᠨ ᠤᠷᠠᠯᠢᠭ ᠤᠨ ᠤᠷᠤᠯᠳᠤᠭᠠᠨ ᠪᠠ ᠲᠣᠮᠣ ᠬᠡᠯᠪᠡᠷᠢ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠪᠠ ᠃ ᠪᠠᠰᠠ ᠨᠤᠭᠤᠨᠵᠠᠶᠠᠭ᠎ᠠ ᠶᠢᠨ ᠬᠤᠪᠴᠠᠰᠤ ᠶᠢᠨ ᠲᠥᠷᠥᠯ᠂ ᠢᠳᠡᠭᠡᠨ ᠤᠮᠳᠠᠭᠠᠨ ᠤ ᠲᠥᠷᠥᠯ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ᠂ ᠵᠢᠭᠤᠯᠴᠢᠯᠠᠯ ᠤᠨ ᠲᠠᠯᠠᠪᠤᠷ ᠤᠨ ᠲᠥᠷᠥᠯ ᠵᠡᠷᠭᠡ 7 ᠲᠥᠷᠥᠯ ᠤᠨ 55 ᠵᠦᠢᠯ ᠤᠨ ᠲᠠᠸᠠᠷ ᠤᠨ ᠲᠡᠮᠳᠡᠭ ᠢ ᠳᠠᠩᠰᠠᠯᠠᠭᠤᠯᠵᠤ᠂ ᠪᠦᠵᠢᠭᠲᠦ ᠵᠦᠴᠦᠭᠡ ︽ᠨᠤᠭᠤᠨᠵᠠᠶᠠᠭ᠎ᠠ︾ ᠵᠦᠴᠦᠭᠡ ᠶᠢᠨ ᠳᠡᠪᠲᠡᠷ ᠤᠨ ᠲᠣᠭᠯᠠᠯᠲᠠ ᠶᠢᠨ ᠯᠠᠶᠢᠰᠧᠷ ᠫᠠᠨᠰᠠ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠨᠡᠮᠯᠡᠯ ᠢ ᠣᠯᠤᠭᠰᠠᠨ ᠪᠥᠭᠡᠳ ︽ᠨᠤᠭᠤᠨᠵᠠᠶᠠᠭ᠎ᠠ︾ CD ᠶᠢ ᠰᠢᠩᠭᠡᠭᠡᠨ ᠦᠢᠯᠡᠳᠪᠡ᠂ ᠭᠤᠤᠯ ᠬᠤᠲᠠ ᠶᠢᠨ ᠲᠣᠭᠤᠷᠢᠭ ᠲᠤ ᠨᠤᠭᠤᠨᠵᠠᠶᠠᠭ᠎ᠠ ᠶᠡᠭᠡ ᠵᠡᠭᠡᠯᠢ ᠶᠢ ᠪᠠᠶᠢᠭᠤᠯᠵᠤ᠂ ᠨᠤᠭᠤᠨᠵᠠᠶᠠᠭ᠎ᠠ ᠰᠣᠶᠣᠯ ᠤᠨ ᠨᠠᠶᠢᠷ ᠢ ᠵᠠᠯᠭᠠᠭ᠎ᠠ ᠪᠠᠷ ᠣᠯᠠᠨ ᠵᠢᠯ ᠡᠷᠭᠢᠯᠡᠪᠡ᠃ ᠨᠠᠢᠮᠠᠨ ᠬᠤᠰᠢᠭᠤ ︽ᠨᠤᠭᠤᠨᠵᠠᠶᠠᠭ᠎ᠠ ᠶᠢᠨ ᠤᠯᠠᠮᠵᠢᠯᠠᠯ ᠶᠠᠷᠢᠶ᠎ᠠ︾ ᠤᠨ ᠰᠣᠶᠣᠯ ᠤᠨ ᠬᠥᠭᠵᠢᠯᠲᠡ ᠳᠤ ᠯᠤᠲᠤ ᠶᠡᠭᠡ ᠦᠢᠯᠡᠳᠦᠯ ᠦᠵᠡᠭᠦᠯᠦᠭᠰᠡᠨ ᠪᠥᠭᠡᠳ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠰᠢᠨ᠎ᠡ ᠬᠦᠴᠦᠨ ᠨᠡᠮᠡᠷᠢᠯᠡᠪᠡ᠃
9.jpg
    ᠨᠤᠭᠤᠨᠵᠠᠶᠠᠭ᠎ᠠ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠰᠢ ᠪᠢᠯᠢᠭ ᠪᠠᠭᠰᠢ ᠲᠠᠰᠤᠷᠠᠯᠲᠠ ᠥᠬᠡᠶ ᠴᠢᠷᠮᠠᠶᠢᠵᠤ ᠪᠠᠶᠢᠨ᠎ᠠ᠃ ︽2018 ᠣᠨ ᠠᠴᠠ ᠨᠠᠰᠢ᠂ 6 ᠱᠠᠪᠢ ᠡᠯᠰᠡᠪᠡ᠂ ᠡᠲᠡᠭᠡᠷ ᠱᠠᠪᠢ ᠨᠢ ᠠᠵᠢᠯ ᠤᠨ ᠴᠢᠯᠥᠭᠡᠨ ᠤ ᠴᠠᠭ ᠲᠤ ᠠᠷᠠᠳ ᠤᠨ ᠳᠠᠭᠤᠤ ᠳᠠᠭᠤᠯᠠᠬᠤ ᠵᠡᠷᠭᠡ ᠠᠵᠢᠯ ᠢ ᠬᠢᠵᠦ᠂ ᠲᠤᠬᠠᠶ ᠶᠢᠨ ᠭᠠᠵᠠᠷ ᠤᠨ ᠲᠥᠷᠥ ᠶᠢᠨ ᠪᠣᠳᠣᠯᠭ᠎ᠠ ᠪᠣᠯᠤᠨ ᠠᠷᠠᠳ ᠣᠯᠠᠨ ᠤ ᠴᠢᠷᠮᠠᠶᠢᠯᠭ᠎ᠠ ᠪᠠᠷ᠂ ︽ᠨᠤᠭᠤᠨᠵᠠᠶᠠᠭ᠎ᠠ︾ ᠭᠡᠬᠦ ᠳᠠᠭᠤᠤ ᠪᠣᠯᠤᠨ ᠲᠡᠭᠦᠨ ᠤ ᠠᠷᠤ ᠳᠠᠬᠢ ᠥᠯᠢᠭᠡᠷ ᠤᠨ ᠲᠣᠭᠯᠠᠯᠲᠠ ᠨᠢ ᠨᠠᠩ ᠬᠤᠯᠠ ᠬᠠᠩᠭᠢᠨᠠᠮ᠎ᠠ ᠭᠡᠳᠡᠭ ᠢ ᠪᠢ ᠢᠲᠡᠭᠡᠵᠦ ᠪᠠᠶᠢᠨ᠎ᠠ︾ ᠭᠡᠵᠦ ᠰᠢ ᠪᠢᠯᠢᠭ ᠬᠡᠯᠡᠪᠡ᠃
10.jpg   
 
ᠢᠷᠡᠯᠲᠡ᠄ ᠨᠠᠢᠮᠠᠨ ᠬᠤᠰᠢᠭᠤᠨ ᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号