ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠨᠦᠸᠧᠶᠠ ᠶᠢᠨ ᠡᠺᠦ᠋ᠸᠠᠳᠣᠷ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/4/25
       ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ 4 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠠᠨᠨᠢᠷ · ᠨᠦᠸᠧᠶᠠ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠡᠺᠦ᠋ᠸᠠᠳᠣᠷ ᠤᠯᠤᠰ ᠤᠨ ᠶᠡᠷᠦᠩᠬᠡᠶᠢᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃       ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠣᠶᠢᠷ᠎ᠠ ᠶᠢᠨ ᠵᠢᠯ ᠳᠤ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠭᠦᠨᠵᠡᠭᠡᠶᠢᠷᠡᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠵᠠᠢ᠃ ᠡᠨᠡ ᠵᠢᠯ ᠪᠣᠯ ᠳᠤᠮᠳᠠᠳᠤ ᠡᠺᠦ᠋ᠸᠠᠳᠣᠷ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠣᠢ ᠪᠣᠯᠣᠨ᠎ᠠ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃       ᠲᠣᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠡᠺᠦ᠋ᠸᠠᠳᠣᠷ ᠤᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠢᠩᠲ᠋ᠦ᠋ᠸᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ᠃
 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号