ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ 4 ᠰᠠᠷ᠎ᠠ ᠶᠢᠨ | 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ ᠲᠥᠪ ᠭᠤᠤᠯᠴᠢ ᠪᠠᠷ | ᠭᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ ᠬᠤᠷᠠᠯ ᠳᠤ ᠪᠠᠶᠠᠷ ᠤᠨ | ᠦᠭᠡ ᠬᠡᠯᠡᠪᠡ᠃ | | | | 4 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠭᠤᠷ ᠠᠮᠢᠰᠬᠤᠯ ᠪᠣᠯᠣᠨ | ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠤᠳᠤᠷᠢᠳᠬᠤ ᠬᠥᠮᠥᠰ ᠤᠨ ᠲᠦᠷᠦᠭᠦᠴᠦᠳ ᠤᠨ ᠸᠢᠳᠢᠤ᠋ | ᠬᠤᠷᠠᠯ ᠳᠤ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ︽ᠫᠠᠷᠢᠰ ᠤᠨ ᠬᠡᠯᠡᠯᠴᠡᠭᠡᠷ︾ ᠲᠣᠭᠲᠠᠭᠰᠠᠨ 10 ᠵᠢᠯ ᠤᠨ ᠤᠢ | ᠪᠤᠯᠬᠤ ᠪᠥᠭᠡᠳ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ | ᠣᠳᠣᠬᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ | ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠰᠢᠨ᠎ᠡ ᠲᠣᠨᠣᠯᠵᠢᠨ ᠵᠠᠮ ᠳᠤ ᠵᠣᠭᠰᠣᠪᠠ᠃ ᠣᠨᠴᠠ ᠵᠠᠷᠢᠮ ᠲᠣᠮᠣ | ᠤᠯᠤᠰ ᠬᠡᠳᠦ᠋ᠢᠪᠡᠷ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠳᠤ ᠬᠠᠯᠠᠮᠰᠢᠵᠤ᠂ ᠤᠯᠠᠨ ᠤᠯᠤᠰ ᠤᠨ | ᠳᠦᠷᠢᠮ ᠪᠠ ᠤᠯᠠᠨ ᠤᠯᠤᠰ ᠤᠨ ᠡᠮᠬᠢ ᠵᠢᠷᠤᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠬᠤ | ᠪᠤᠯᠪᠠᠴᠤ ᠲᠡᠦᠬᠡ ᠶᠡᠷᠦ ᠨᠢ ᠨᠤᠭᠤᠷᠠᠯ ᠪᠦᠳᠦᠷᠢᠯ ᠤᠨ ᠳᠤᠮᠳᠠ ᠤᠷᠤᠭᠰᠢᠯᠠᠬᠤ ᠶᠤᠮ᠃ ᠢᠲᠡᠭᠡᠯ ᠵᠣᠷᠢᠭ ᠢᠶᠠᠨ | ᠪᠠᠲᠤᠳᠬᠠᠵᠤ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠳᠠᠭ ᠯᠠ ᠶᠤᠮ ᠪᠣᠯ ᠯᠠᠪᠲᠠᠢ ᠰᠥᠷᠭᠡᠦ ᠤᠷᠤᠰᠬᠠᠯ ᠢ | ᠰᠢᠪᠲᠤᠯᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠪᠣᠯᠣᠨ ᠳᠡᠯᠡᠬᠡᠢ ᠶᠢᠨ ᠠᠯᠢᠪᠠ | ᠲᠠᠪᠰᠢᠯᠳᠠ ᠶᠢᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ᠃ | ᠨᠢᠭᠡ ᠳᠤ᠂ ᠤᠯᠠᠨ ᠲᠠᠯᠠᠲᠤ ᠦᠵᠡᠯ ᠢ ᠪᠠᠲᠤ ᠰᠠᠬᠢᠨ᠎ᠠ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ | ᠰᠢᠳᠤᠷᠭᠤ ᠶᠣᠰᠣ ᠶᠢ ᠡᠷᠡᠰ ᠬᠠᠮᠠᠭᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ | ᠢᠲᠡᠭᠡᠯ ᠢ ᠴᠢᠬᠤᠯᠠᠴᠢᠯᠠᠨ ᠠᠮᠠᠯᠠᠯᠲᠠ ᠪᠠᠨ ᠵᠢᠷᠤᠮᠯᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠣᠨᠢᠯᠠᠨ᠂ ᠤᠯᠠᠨ ᠲᠠᠯᠠᠲᠤ ᠵᠠᠰᠠᠯᠲᠠ ᠪᠠᠷ ᠳᠠᠮᠵᠢᠭᠤᠯᠤᠨ ᠠᠭᠤᠷ ᠠᠮᠢᠰᠬᠤᠯ ᠤᠨ ᠬᠢᠮᠤᠷᠠᠯ ᠢ | ᠬᠠᠮᠲᠤ ᠪᠠᠷ ᠠᠷᠭᠠᠴᠠᠭᠠᠶ᠎ᠠ᠃ | ᠬᠤᠶᠠᠷ ᠲᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠪᠠᠷ ᠵᠠᠪᠰᠠᠷᠳᠠᠯ ᠮᠥᠷᠭᠦᠯᠳᠦᠭᠡᠨ ᠢ ᠳᠠᠪᠠᠵᠤ᠂ ᠬᠠᠮᠲᠤᠷᠠᠯᠴᠠᠭ᠎ᠠ ᠪᠠᠷ ᠮᠡᠷᠭᠡᠵᠢᠯ ᠤᠨ ᠰᠢᠨ᠎ᠡ | ᠡᠭᠦᠳᠦᠯᠲᠡ ᠪᠠ ᠠᠵᠤ ᠦᠢᠯᠡᠰ ᠤᠨ ᠬᠤᠪᠢᠰᠤᠯᠲᠠ ᠶᠢ ᠠᠬᠢᠭᠤᠯᠵᠤ᠂ ᠴᠢᠨᠠᠷ ᠰᠠᠶᠢᠲᠠᠢ ᠪᠣᠬᠢᠷᠳᠤᠯ ᠦᠭᠡᠢ ᠮᠡᠷᠭᠡᠵᠢᠯ | ᠪᠠ ᠦᠢᠯᠡᠳᠬᠦᠨ ᠤ ᠴᠢᠯᠦᠭᠡᠲᠡᠢ ᠭᠦᠢᠯᠭᠡᠭᠡ ᠶᠢ ᠠᠬᠢᠭᠤᠯᠵᠤ᠂ ᠡᠯ᠎ᠡ ᠤᠯᠤᠰ ᠢᠯᠠᠩᠭᠤᠶ᠎ᠠ ᠥᠷᠭᠡᠨ ᠤᠯᠠᠨ | ᠬᠥᠭᠵᠢᠵᠦ ᠪᠠᠶᠢᠭ᠎ᠠ ᠤᠯᠤᠰ ᠴᠥᠮ ᠬᠡᠷᠡᠭᠯᠡᠵᠦ ᠪᠤᠯᠬᠤ᠂ ᠬᠡᠷᠡᠭᠯᠡᠵᠦ ᠳᠡᠶᠢᠯᠭᠦ᠂ ᠰᠠᠶᠢᠲᠤᠷ ᠬᠡᠷᠡᠭᠯᠡᠬᠦ ᠪᠣᠯᠭᠠᠨ᠎ᠠ᠃ | ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢ ᠶᠡᠭᠡ ᠪᠠᠷ ᠭᠦᠨᠵᠡᠭᠡᠶᠢᠷᠡᠭᠦᠯᠵᠦ᠂ | ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ | ᠦᠵᠡᠭᠦᠯᠦᠨ᠎ᠡ᠃ | ᠭᠤᠷᠪᠠ ᠳᠤ᠂ ᠲᠥᠪ ᠭᠤᠤᠯᠴᠢ ᠪᠠᠷ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠷᠠᠳ | ᠲᠦᠮᠡᠨ ᠢᠶᠠᠷ ᠭᠤᠣᠯ ᠪᠤᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠪᠠ ᠠᠭᠤᠷ | ᠠᠮᠢᠰᠬᠤᠯ ᠢ ᠵᠠᠰᠠᠬᠤ ᠶᠢ ᠬᠠᠮᠵᠢᠯᠴᠠᠨ ᠠᠬᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ᠂ ᠠᠵᠤ ᠠᠬᠤᠢ ᠶᠢ | ᠬᠥᠭᠵᠢᠭᠦᠯᠬᠦ᠂ ᠠᠵᠢᠯ ᠤᠨ ᠪᠠᠶᠢᠷᠢ ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠣᠯᠠᠨ ᠬᠠᠷᠠᠯᠲᠠ ᠶᠢ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠥᠭᠵᠢᠭᠰᠡᠨ ᠤᠯᠤᠰ ᠤᠳ ᠬᠥᠭᠵᠢᠵᠦ ᠪᠠᠶᠢᠭ᠎ᠠ ᠤᠯᠤᠰ ᠤᠳ ᠲᠤ | ᠬᠠᠪᠰᠤᠷᠤᠯᠭ᠎ᠠ ᠳᠡᠮᠵᠢᠯᠭᠡ ᠬᠠᠩᠭᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠡᠯ᠎ᠡ ᠤᠯᠤᠰ ᠤᠨ ᠠᠷᠠᠳ ᠲᠦᠮᠡᠨ ᠤ | ᠬᠠᠮᠲᠤ ᠶᠢᠨ ᠪᠠ ᠠᠯᠤᠰ ᠭᠡᠳᠤ ᠶᠢᠨ ᠠᠵᠠ ᠵᠢᠷᠭᠠᠯ ᠢ ᠨᠡᠮᠡᠭᠳᠡᠭᠦᠯᠬᠦ ᠡᠭᠦᠷᠭᠡ ᠲᠠᠢ ᠶᠤᠮ᠃ | ᠳᠥᠷᠪᠡ ᠳᠤ᠂ ᠪᠣᠳᠠᠲᠠᠢ ᠶᠢ ᠡᠷᠭᠢᠮᠯᠡᠭᠦ ᠠᠵᠢᠯᠯᠠᠭ᠎ᠠ ᠶᠢ ᠴᠢᠩᠭᠠᠳᠬᠠᠨ᠎ᠠ᠃ ᠡᠯ᠎ᠡ ᠲᠠᠯ᠎ᠠ ᠶᠢᠨ ᠬᠢᠨ | ᠴᠥᠮ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠤ ᠠᠬᠤᠢ ᠶᠢᠨ ᠬᠥᠭᠵᠢᠯᠲᠡ ᠪᠠ ᠡᠨᠧᠷᠭᠢ ᠶᠢᠨ | ᠭᠡᠯᠪᠡᠷᠢ ᠶᠢᠨ ᠬᠤᠪᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ ᠤᠯᠤᠰ ᠤᠨ ᠪᠡᠶ᠎ᠡ ᠪᠠᠨ | ᠳᠠᠭᠠᠭᠠᠵᠤ ᠬᠤᠪᠢ ᠨᠡᠮᠡᠷᠢ ᠦᠵᠡᠭᠦᠯᠭᠦ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠪᠡᠯ ᠵᠣᠬᠢᠨ᠎ᠠ᠃ | ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ | ᠪᠧᠯᠦ᠋ᠨ ᠤ ᠶᠡᠭᠡ ᠬᠤᠷᠠᠯ ᠠᠴᠠ ᠡᠮᠦᠨ᠎ᠡ᠂ ᠪᠤᠢ ᠪᠦᠬᠦᠢ ᠬᠦᠯᠡᠮᠵᠢ ᠶᠢᠨ ᠬᠡᠢ ᠪᠡᠶᠡᠲᠦ ᠶᠢ ᠪᠠᠭᠲᠠᠭᠠᠭᠰᠠᠨ ᠪᠦᠭᠦ ᠠᠵᠤ | ᠠᠬᠤᠢ ᠶᠢᠨ ᠬᠦᠷᠢᠶ᠎ᠡ ᠶᠢ ᠬᠠᠮᠤᠷᠤᠭᠰᠠᠨ 2035 ᠣᠨ ᠤ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ | ᠦᠵᠡᠭᠦᠯᠭᠦ ᠬᠠᠷᠠᠯᠲᠠ ᠶᠢ ᠨᠡᠶᠢᠲᠡᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ ᠪᠣᠯᠣᠨ᠎ᠠ᠃ ᠳᠤᠮᠳᠠᠳᠤ ᠤᠯᠤᠰ ᠪᠣᠯ | ᠳᠡᠯᠡᠬᠡᠢ ᠶᠢᠨ ᠪᠣᠬᠢᠷᠳᠤᠯ ᠦᠭᠡᠢ ᠬᠥᠭᠵᠢᠯᠲᠡ ᠶᠢᠨ ᠡᠷᠡᠰ ᠪᠠᠲᠤ ᠠᠵᠢᠯᠯᠠᠭᠴᠢ᠂ ᠴᠢᠬᠤᠯᠠ ᠬᠤᠪᠢ ᠨᠡᠮᠡᠷᠢ | ᠦᠵᠡᠭᠦᠯᠦᠭᠴᠢ ᠮᠥᠨ᠂ 5 ᠵᠢᠯ ᠤᠨ ᠡᠮᠦᠨ᠎ᠡ ᠪᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠨᠡᠶᠢᠲᠡᠯᠡᠭᠰᠡᠨ ᠠᠴᠠ ᠨᠠᠭᠠᠰᠢ᠂ | ᠳᠤᠮᠳᠠᠳᠤ ᠤᠯᠤᠰ ᠪᠦᠭᠦ ᠪᠥᠮᠪᠥᠷᠴᠡᠭ ᠤᠨ ᠬᠠᠮᠤᠭ ᠤᠨ ᠶᠡᠭᠡ᠂ ᠬᠥᠭᠵᠢᠯᠲᠡ ᠪᠠᠷ ᠬᠠᠮᠤᠭ ᠤᠨ ᠲᠦᠷᠭᠡᠨ ᠳᠠᠬᠢᠯᠲᠠ | ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠶᠡᠭᠡ᠂ ᠬᠠᠮᠤᠭ ᠤᠨ ᠪᠦᠷᠢᠨ | ᠪᠦᠲᠦᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠪᠦᠭᠦ ᠪᠥᠮᠪᠥᠷᠴᠡᠭ ᠤᠨ ᠲᠦᠷᠪᠡᠨ ᠤ | ᠨᠢᠭᠡ ᠬᠤᠪᠢ ᠶᠢᠨ ᠰᠢᠨ᠎ᠡ ᠪᠠᠷ ᠨᠡᠮᠡᠭᠳᠡᠭᠰᠡᠨ ᠪᠣᠬᠢᠷᠳᠤᠯ ᠦᠭᠡᠢ ᠲᠠᠯᠠᠪᠠᠢ ᠶᠢ ᠬᠠᠨᠳᠢᠪᠯᠡᠪᠠ᠃ ᠳᠡᠯᠡᠬᠡᠢ ᠶᠢᠨ | ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠤᠨ ᠠᠭᠤᠷ ᠠᠮᠢᠰᠬᠤᠯ ᠤᠨ ᠬᠤᠪᠢᠷᠠᠯᠲᠠ ᠶᠢ | ᠢᠳᠡᠪᠬᠢᠲᠡᠢ ᠠᠷᠭᠠᠴᠠᠭᠠᠬᠤ ᠠᠵᠢᠯᠯᠠᠭ᠎ᠠ ᠤᠳᠠᠭᠠᠰᠢᠷᠠᠬᠤ ᠦᠭᠡᠢ᠂ ᠤᠯᠠᠨ ᠤᠯᠤᠰ ᠤᠨ ᠬᠠᠮᠲᠤᠷᠠᠯᠴᠠᠭ᠎ᠠ ᠶᠢ | ᠠᠬᠢᠭᠤᠯᠬᠤ ᠴᠢᠷᠮᠠᠶᠢᠯᠭ᠎ᠠ ᠰᠤᠯᠠᠷᠠᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠦᠢᠯᠡᠳᠦᠯᠭᠡ ᠵᠤᠬᠰᠤᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠠᠮᠲᠤ ᠶᠢᠨ ᠪᠤᠯᠪᠠᠴᠤ ᠢᠯᠭᠠᠭ᠎ᠠ ᠲᠠᠢ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠪᠦᠯᠬᠦᠮᠳᠡᠨ ᠬᠠᠮᠵᠢᠯᠴᠠᠵᠤ᠂ ᠠᠷᠢᠭᠤᠨ ᠴᠡᠪᠡᠷ᠂ | ᠦᠵᠡᠰᠬᠦᠯᠡᠩᠲᠦ ᠰᠠᠶᠢᠬᠠᠨ᠂ ᠦᠷᠭᠦᠯᠵᠢᠯᠡᠬᠦ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠨ᠎ᠠ | ᠭᠡᠵᠦ ᠴᠢᠬᠤᠯᠠᠴᠢᠯᠠᠪᠠ᠃ |