ᠢ ᠯᠦᠩ ᠶᠦᠩ ᠪᠠᠯᠭᠠᠰᠤ ︽5 · 1︾ ᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 27 ᠤ ᠡᠳᠦᠷ᠂ ᠢ ᠯᠦᠩ ᠶᠦᠩ ᠪᠠᠯᠭᠠᠰᠤᠨ ᠤ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠪᠠ ᠪᠠᠯᠭᠠᠰᠤᠨ ᠳᠤ ᠰᠠᠭᠤᠭ᠎ᠠ ᠭᠠᠯ ᠤᠨᠲᠠᠷᠠᠭᠠᠬᠤ ᠥᠷᠲᠡᠭᠡ ᠬᠠᠮᠲᠤᠷᠠᠨ ᠲᠠᠪᠤᠨ ᠰᠠᠷ᠎ᠠ ᠶᠢᠨ ᠨᠢᠭᠡᠨ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠭᠠᠯ ᠤᠨᠲᠠᠷᠠᠭᠠᠬᠤ ᠲᠥᠬᠦᠭᠡᠷᠦᠮᠵᠢ᠂ ᠪᠠᠭᠠᠵᠢ ᠬᠡᠷᠡᠭᠰᠡᠯ ᠡᠪᠳᠡᠷᠡᠵᠦ ᠬᠠᠭᠤᠴᠢᠷᠠᠭᠰᠠᠨ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠵᠠᠮ ᠰᠠᠭᠠᠳ ᠦᠭᠡᠢ ᠨᠡᠪᠲᠡᠷᠡᠬᠦ ᠡᠰᠡᠬᠦ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠪᠠᠶᠢᠬᠤ ᠡᠰᠡᠬᠦ᠂ ᠡᠳ᠋ ᠪᠠᠷᠠᠭ᠎ᠠ ᠶᠢ ᠣᠪᠣᠭᠠᠯᠠᠵᠤ ᠲᠠᠯᠪᠢᠭᠰᠠᠨ ᠡᠰᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠲᠠᠭᠠᠯ ᠳᠤ ᠨᠡᠶᠢᠴᠡᠬᠦ ᠡᠰᠡᠬᠦ᠂ ᠦᠢᠯᠡᠳᠪᠦᠷᠢ ᠶᠢᠨ ᠭᠡᠷ ᠪᠠᠶᠢᠰᠢᠩ ᠳᠤ ᠬᠥᠮᠦᠨ ᠰᠠᠭᠤᠬᠤ ᠦᠵᠡᠭᠳᠡᠯ ᠪᠠᠶᠢᠬᠤ ᠡᠰᠡᠬᠦ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠳᠤ ᠲᠣᠭᠲᠠᠭᠠᠯ ᠠᠴᠠ ᠵᠥᠷᠢᠴᠡᠨ ᠠᠵᠢᠯᠯᠠᠵᠤ ᠪᠠᠶᠢᠬᠤ ᠡᠰᠡᠬᠦ᠂ ᠲᠣᠭᠲᠠᠭᠠᠯ ᠠᠴᠠ ᠵᠥᠷᠢᠴᠡᠨ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠪᠣᠳᠠᠰ ᠢ ᠲᠣᠭᠲᠠᠭᠠᠯ ᠠᠴᠠ ᠵᠥᠷᠢᠴᠡᠨ ᠬᠠᠳᠠᠭᠠᠯᠠᠵᠤ ᠪᠠᠶᠢᠬᠤ ᠡᠰᠡᠬᠦ ᠵᠡᠷᠭᠡ ᠦᠢᠯᠡ ᠠᠵᠢᠯᠯᠠᠭ᠎ᠠ ᠶᠢ ᠨᠠᠷᠢᠨ ᠪᠠᠶᠢᠴᠠᠭᠠᠵᠤ᠂ ᠬᠤᠳᠠᠯᠳᠤᠭᠠᠴᠢᠨ ᠡᠷᠦᠬᠡ ᠳᠤ ᠠᠵᠢᠯ ᠠᠴᠠ ᠪᠠᠭᠤᠭᠰᠠᠨ ᠤ ᠳᠠᠷᠠᠭ᠎ᠠ ᠤᠰᠤ᠂ ᠴᠠᠬᠢᠯᠭᠠᠨ᠂ ᠬᠡᠢ ᠵᠡᠷᠭᠡ ᠲᠥᠬᠦᠭᠡᠷᠦᠮᠵᠢ ᠶᠢ ᠴᠠᠭ ᠲᠤᠬᠠᠶ ᠳᠤᠨᠢ ᠬᠠᠭᠠᠬᠤ ᠶᠢ ᠰᠠᠨᠠᠭᠤᠯᠬᠤ ᠶᠢᠨ ᠬᠠᠮᠲᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠪᠥᠬᠦ ᠪᠠᠯᠭᠠᠰᠤᠨ ᠤ ᠠᠷᠠᠳ ᠲᠦᠮᠡᠨ ᠤ ᠠᠮᠤᠷ ᠲᠦᠪᠰᠢᠨ᠂ ᠥᠯᠵᠡᠶ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃   
义隆永镇开展“五一”节前安全生产检查.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号