ᠨᠠᠢᠮᠠᠨ ᠬᠤᠰᠢᠭᠤ᠄ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠰᠡᠳᠬᠢᠯ ᠢᠶᠠᠨ ᠨᠢᠭᠡᠳᠭᠡᠨ ᠮᠤᠳᠤ ᠵᠠᠶᠢᠯᠠᠵᠤ ᠨᠤᠭᠤᠭᠠᠷᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 28 ᠤ ᠡᠳᠦᠷ᠂ ᠨᠠᠢᠮᠠᠨ ᠬᠤᠰᠢᠭᠤ 2025 ᠣᠨ ᠤ ᠬᠠᠪᠤᠷ ᠤᠨ ᠤᠯᠠᠷᠢᠯ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠵᠠᠶᠢᠯᠠᠬᠤ‌ᠠᠵᠢᠯᠯᠠᠭ᠎ᠠ ᠶᠢ ᠥᠷᠨᠢᠭᠦᠯᠵᠦ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠢᠮᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠤᠸᠠᠨ ᠳ᠋ᠦᠩ ᠱᠧᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠢᠦᠢ ᠶᠥᠩ ᠵᠡᠷᠭᠡ ᠬᠤᠰᠢᠭᠤᠨ ᠤ ᠳᠥᠷᠪᠡᠨ ᠪᠠᠶᠢᠭᠤᠯᠭ᠎ᠠ ᠶᠢᠨ ᠤᠳᠤᠷᠢᠳᠬᠤ ᠪᠠᠭ ᠤᠨ ᠭᠡᠰᠢᠭᠦᠨ ᠪᠦᠬᠦ ᠬᠤᠰᠢᠭᠤᠨ ᠤ 67 ᠨᠢᠭᠡᠴᠢ ᠶᠢᠨ 1800 ᠭᠠᠷᠤᠢ ᠺᠠᠳ᠋ᠷ ᠠᠵᠢᠯᠲᠠᠨ ᠵᠢᠴᠢ ᠰᠠᠶᠢᠨ ᠳᠤᠷᠠᠴᠤᠳ ᠰᠡᠳᠭᠢᠯ ᠢᠶᠠᠨ ᠨᠢᠭᠡᠳᠭᠡᠨ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠨᠠᠢᠮᠠᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠪᠡ᠃    ᠮᠣᠳᠣ ᠵᠠᠶᠢᠯᠠᠬᠤ ᠭᠠᠵᠠᠷ ᠨᠢ ᠲᠠᠴᠢᠨᠲᠠᠯ᠎ᠠ ᠪᠠᠯᠭᠠᠰᠤᠨ ᠤ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠲᠣᠭᠤᠷᠢᠭ ᠲᠤ ᠪᠠᠶᠢᠷᠠᠯᠠᠵᠤ᠂ ᠰᠢᠤᠸᠠᠨ ᠳ᠋ᠦᠩ ᠱᠧᠩ᠂ ᠢᠦᠢ ᠶᠥᠩ ᠺᠠᠳ᠋ᠷ ᠣᠯᠠᠨ ᠲᠦᠮᠡᠨ ᠲᠠᠢ ᠬᠠᠮᠲᠤ ᠪᠠᠷ ᠬᠥᠳᠡᠯᠮᠦᠷᠢ ᠳᠤ ᠤᠷᠤᠯᠴᠠᠵᠠᠢ᠃ ᠰᠢᠤᠸᠠᠨ ᠳ᠋ᠦᠩ ᠱᠧᠩ ᠮᠣᠳᠣ ᠵᠠᠶᠢᠯᠠᠬᠤ ᠶᠢᠨ ᠳᠠᠭᠠᠤ ᠡᠷᠭᠢᠨ ᠲᠣᠭᠤᠷᠢᠨ ᠤ ᠺᠠᠳ᠋ᠷ ᠠᠵᠢᠯᠲᠠᠨ ᠲᠠᠢ ᠰᠠᠨᠠᠯ ᠢᠶᠠᠨ ᠰᠣᠯᠢᠯᠴᠠᠵᠤ᠂ ︽ᠮᠣᠳᠣ ᠵᠠᠶᠢᠯᠠᠵᠤ ᠣᠶᠢᠵᠢᠭᠤᠯᠬᠤ ᠪᠣᠯ ᠣᠳᠣ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭ ᠬᠦᠷᠲᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠮᠠᠨ ᠤ ᠬᠤᠰᠢᠭᠤ ︽ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ︾ ᠪᠠ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠠᠮᠢ ᠠᠬᠤᠢ ᠶᠢᠨ ᠣᠶᠢᠯᠠᠭᠠᠭᠳᠠᠬᠤᠨ ᠢ ᠡᠷᠡᠰ ᠪᠣᠢ ᠪᠣᠯᠭᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠬᠢᠵᠢᠭᠦᠯᠵᠦ᠂ ᠪᠣᠬᠢᠷᠲᠤᠯ ᠦᠭᠡᠢ ᠪᠠᠶᠢᠬᠤ ᠶᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠬᠠᠮᠤᠭ ᠤᠨ ᠦᠵᠡᠰᠬᠦᠯᠡᠩᠲᠦ ᠰᠠᠶᠢᠬᠠᠨ ᠰᠠᠭᠤᠷᠢ ᠪᠣᠯᠭᠠᠬᠤ ᠬᠡᠷᠡᠭᠲᠡᠢ︾ ᠭᠡᠵᠦ ᠬᠡᠯᠡᠪᠡ᠃    ︽ᠲᠤᠰ ᠤᠳᠠᠭ᠎ᠠ ᠶᠢᠨ ᠮᠣᠳᠣ ᠲᠠᠷᠢᠬᠤ ᠠᠵᠢᠯᠯᠠᠭ᠎ᠠ ᠨᠢ ᠮᠠᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠦᠭᠡᠢ ᠭᠡᠷ ᠣᠷᠣᠨ ᠢᠶᠠᠨ ᠰᠠᠬᠢᠨ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠪᠦᠲᠦᠮᠵᠢᠲᠡᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠬᠠᠶᠢᠷᠠᠯᠠᠬᠤ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃ ᠪᠠᠰᠠ ᠬᠦᠮᠦᠰ ᠤᠨ ᠠᠯᠪᠠᠨ ᠵᠢᠷᠤᠮ ᠤᠨ ᠮᠣᠳᠣ ᠲᠠᠷᠢᠬᠤ ᠡᠩᠨᠡᠭᠡ ᠳᠤ ᠣᠷᠣᠯᠴᠠᠵᠤ᠂ ᠡᠬᠡ ᠤᠯᠤᠰ ᠤᠨ ᠤᠮᠠᠷᠠᠲᠤ ᠬᠢᠯᠢ ᠳᠤ ᠨᠣᠭᠤᠭᠠᠨ ᠥᠩᠭᠡ ᠶᠢ ᠨᠡᠮᠡᠷᠢᠯᠡᠬᠦ ᠶᠢ ᠬᠦᠰᠡᠵᠦ ᠪᠠᠶᠢᠨ᠎ᠠ︾ ᠭᠡᠵᠦ ᠠᠯᠪᠠᠨ ᠵᠢᠷᠤᠮ ᠤᠨ ᠮᠣᠳᠣ ᠲᠠᠷᠢᠬᠤ ᠰᠠᠶᠢᠨ ᠳᠤᠷ᠎ᠠ ᠶᠢᠨ ᠠᠵᠢᠯᠯᠠᠭᠴᠢ᠂ ᠨᠠᠢᠮᠠᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠡᠪᠯᠡᠯ ᠤᠨ ᠱᠦᠵᠢ  ᠲᠠᠨ ᠴᠦᠨ ᠶᠠᠨ ᠬᠡᠯᠡᠪᠡ᠃     ᠡᠳᠡᠭᠡᠷᠡᠯᠲᠡ ᠶᠢᠨ ᠨᠣᠷᠮ᠎ᠠ ᠶᠢ ᠪᠠᠲᠤᠯᠠᠬᠤ ᠶᠢᠨ ᠲᠦᠯᠦᠭᠡ᠂ ᠣᠢ ᠰᠢᠭᠤᠢ ᠶᠢᠨ ᠰᠠᠯᠠᠭ᠎ᠠ ᠮᠥᠴᠢᠷ ᠤᠨ ᠠᠵᠢᠯᠲᠠᠨ ᠪᠦᠬᠦ ᠶᠠᠪᠤᠴᠠ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠬᠤ ᠶᠢᠨ ᠬᠠᠮᠲᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠮᠣᠳᠣ ᠵᠠᠶᠢᠯᠠᠬᠤ ᠠᠵᠢᠯᠯᠠᠭ᠎ᠠ ᠳᠤ ᠨᠡᠶᠢᠲᠡ 7000 ᠭᠠᠷᠤᠢ ᠰᠠᠭᠤᠷᠢ ᠵᠢᠭᠠᠷᠲᠤ ᠨᠠᠷᠠᠰᠤ ᠵᠠᠶᠢᠯᠠᠪᠠ᠃
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号