ᠣᠶᠢᠷ᠎ᠠ ᠳᠤ᠂ ᠬᠡᠰᠡᠭ ᠣᠯᠠᠨ ᠲᠦᠮᠡᠨ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠠᠪᠬᠤ | ᠮᠡᠳᠡᠭᠳᠡᠯ ᠲᠣᠰᠣᠭᠰᠠᠨ ᠪᠠᠶᠢᠳᠠᠯ ᠢ ᠲᠤᠰᠬᠠᠵᠠᠢ᠃ ᠡᠭᠦᠨ ᠤ ᠲᠤᠬᠠᠢ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠯᠡᠷᠬᠡᠶᠢᠯᠡᠬᠦ ᠳᠡᠭᠡᠨ᠂ ᠶᠡᠷᠦ ᠠᠴᠠ ᠡᠩ ᠤᠨ ᠣᠯᠠᠨ ᠲᠦᠮᠡᠨ ᠳᠤ ︽ᠲᠠᠪᠤᠨ | ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠭᠡᠳᠡᠭ ᠢ ᠲᠠᠷᠬᠠᠭᠠᠵᠤ ᠥᠩᠭᠡᠷᠡᠭᠰᠡᠨ ᠦᠭᠡᠢ᠂ ᠡᠨᠡ ᠬᠦ ᠮᠡᠳᠡᠭᠳᠡᠯ ᠨᠢ | ᠬᠤᠳᠠᠯ ᠮᠡᠳᠡᠭᠡ ᠵᠠᠩᠭᠢ ᠪᠣᠯᠬᠤ ᠮᠥᠷᠲᠡᠭᠡᠨ ᠮᠡᠬᠡᠯᠡᠯ ᠤᠨ ᠰᠡᠵᠢᠭᠯᠡᠯᠲᠡᠢ ᠪᠣᠯᠬᠤᠷ ᠶᠠᠭᠠᠬᠢᠭᠰᠠᠨ ᠴᠤ ᠢᠲᠡᠭᠡᠵᠦ | ᠪᠣᠯᠬᠤ ᠦᠭᠡᠢ ᠭᠡᠵᠡᠢ᠃ | | | | | | ᠡᠨᠡ ᠬᠦ ᠮᠡᠳᠡᠭᠳᠡᠯ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠢᠯ ᠳᠤ ᠣᠷᠣᠭᠠᠳ ᠪᠦᠬᠦᠯᠢ ᠨᠢᠭᠡ ᠰᠠᠷ᠎ᠠ ᠪᠣᠯᠤᠭᠰᠠᠨ ᠪᠥᠭᠡᠳ | ᠤᠯᠤᠰ ᠤᠨ ᠲᠣᠭᠲᠠᠭᠠᠯ ᠶᠣᠰᠣᠭᠠᠷ ᠲᠠᠪᠤᠨ ᠳᠠᠭᠠᠳᠬᠠᠯ ᠨᠢᠭᠡ ᠮᠥᠩᠭᠦ ᠶᠢ ᠬᠡᠪ ᠤᠨ ᠶᠣᠰᠣᠭᠠᠷ ᠲᠤᠰ᠊ ᠵᠶᠠᠭᠰᠠᠨ | ᠠᠵᠢᠯᠲᠠᠨ ᠪᠦᠬᠦᠨ ᠴᠥᠮ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠭᠤᠶᠤᠴᠢᠯᠠᠬᠤ ᠬᠢᠷᠢ | ᠬᠡᠮ ᠲᠠᠢ᠂ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠮᠡᠳᠡᠭᠡ ᠵᠠᠩᠭᠢ ᠶᠢ ᠭᠡᠷᠡᠴᠢᠯᠡᠬᠦ ᠪᠠ ᠨᠥᠬᠦᠪᠦᠷᠢᠯᠡᠬᠦ | ᠠᠵᠢᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠭᠰᠡᠨ ᠦᠭᠡᠢ ᠠᠵᠢᠯᠲᠠᠨ ᠨᠥᠬᠦᠪᠦᠷᠢ ᠶᠢ | ᠬᠦᠷᠲᠡᠵᠦ ᠳᠡᠶᠢᠯᠬᠦ ᠦᠭᠡᠢ ᠭᠡᠵᠡᠢ᠃ ᠳᠣᠣᠷᠠᠬᠢ ᠬᠤᠶᠠᠷ ᠬᠡᠮᠵᠢᠯᠳᠦ ᠺᠣᠳ᠋ ᠢ ᠰᠢᠷᠪᠢᠪᠡᠯ ︽ᠡᠳ᠋ ᠤᠨ ᠵᠠᠰᠠᠭ ᠤᠨ | ᠶᠠᠮᠤᠨ ᠤ ᠰᠦᠯᠵᠢᠶ᠎ᠡ︾ ᠭᠠᠷᠤᠭᠠᠳ ᠢᠷᠡᠳᠡᠭ ᠪᠥᠭᠡᠳ ᠥᠪᠡᠷ ᠤᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ | ᠨᠣᠮᠧᠷ ᠵᠡᠷᠭᠡ ᠪᠠᠨ ᠣᠷᠣᠭᠤᠯᠬᠤ ᠶᠢ ᠱᠠᠭᠠᠷᠳᠠᠳᠠᠭ᠂ ᠵᠠᠯᠭᠠᠭᠠᠳ ᠪᠠᠰᠠ ᠪᠠᠩᠬᠢ ᠶᠢᠨ ᠺᠠᠷᠲ ᠤᠨ ᠨᠣᠮᠧᠷ᠂ ᠰᠢᠯᠭᠠᠨ | ᠪᠠᠲᠤᠯᠠᠬᠤ ᠺᠣᠳ᠋ ᠵᠡᠷᠭᠡ ᠪᠠᠨ ᠲᠠᠭᠯᠠᠬᠤ ᠬᠡᠷᠡᠭᠲᠡᠢ ᠭᠡᠳᠡᠭ᠃ ᠠᠩᠬᠠᠷᠤᠭᠠᠷᠠᠢ︕ ᠡᠨᠡ ᠬᠦ ᠰᠦᠯᠵᠢᠶᠡᠨ ᠤ ᠥᠷᠲᠡᠭᠡ | ᠪᠣᠯ ᠬᠠᠭᠤᠷᠮᠠᠭ ᠶᠤᠮ᠃ ᠪᠢᠲᠡᠭᠡᠢ ᠢᠲᠡᠭᠡ᠂ ᠪᠢᠲᠡᠭᠡᠢ ᠲᠠᠭᠯᠠ᠂ ᠡᠨᠡ ᠪᠣᠯ ᠮᠡᠬᠡᠯᠡᠯ ᠤᠨ ᠶᠡᠷᠦᠳᠡ ᠶᠢᠨ ᠠᠷᠭ᠎ᠠ᠃ | ᠮᠡᠳᠡᠭᠡ ᠵᠠᠩᠭᠢ ᠪᠠᠨ ᠲᠤᠰᠢᠶᠠᠭᠰᠠᠨ ᠤ ᠳᠠᠷᠠᠭ᠎ᠠ ᠨᠥᠬᠦᠪᠦᠷᠢ ᠣᠯᠵᠤ ᠳᠡᠶᠢᠯᠬᠦ ᠦᠭᠡᠢ ᠮᠥᠷᠲᠡᠭᠡᠨ ᠺᠠᠷᠲ ᠲᠠᠬᠢ | ᠵᠣᠭᠤᠰ ᠴᠢᠨᠢ ᠪᠠᠰᠠ ᠬᠤᠯᠠᠭᠠᠶᠢᠯᠠᠭᠳᠠᠬᠤ ᠪᠣᠯᠣᠨ᠎ᠠ᠃ | | | | | | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠢᠯᠡᠷᠬᠡᠶᠢᠯᠡᠭᠰᠡᠨ ᠢᠶᠠᠷ᠂ ᠡᠶᠢᠮᠦᠷᠬᠦ ᠮᠡᠬᠡᠯᠡᠯ ᠨᠢ ᠶᠡᠷᠦ ᠨᠢ ᠬᠠᠤᠯᠢ ᠪᠤᠰᠤ ᠠᠷᠭ᠎ᠠ ᠵᠠᠮ ᠢᠶᠠᠷ ᠣᠯᠠᠨ ᠲᠦᠮᠡᠨ ᠤ ᠭᠠᠷ | ᠤᠲᠠᠰᠤᠨ ᠤ ᠨᠣᠮᠧᠷ᠂ ᠸᠧᠴᠠᠲ ᠳ᠋ᠤᠭᠠᠷ ᠪᠤᠶᠤ ᠢᠮᠧᠯ ᠤᠨ ᠲᠠᠩᠰᠠᠨ ᠨᠣᠮᠧᠷ ᠵᠡᠷᠭᠡ ᠶᠢ ᠣᠯᠵᠤ᠂ ᠳᠠᠷᠠᠭ᠎ᠠ ᠨᠢ | ᠬᠤᠳᠠᠯ ᠬᠠᠭᠤᠷᠮᠠᠭ ᠮᠡᠳᠡᠭᠡ ᠵᠠᠩᠭᠢ ᠶᠠᠪᠤᠭᠤᠯᠵᠤ᠂ ᠣᠯᠠᠨ ᠲᠦᠮᠡᠨ ᠢ ᠥᠳᠥᠭᠡᠵᠦ ᠪᠠᠶᠢᠭᠠᠳ ᠬᠤᠶᠠᠷ ᠬᠡᠮᠵᠢᠯᠳᠦ | ᠺᠣᠳ᠋ ᠢ ᠰᠢᠷᠪᠢᠬᠦ ᠪᠤᠶᠤ ᠴᠥᠷᠬᠡᠯᠡᠭᠡ ᠶᠢ ᠳᠠᠷᠤᠭᠤᠯᠵᠤ᠂ ᠬᠤᠳᠠᠯ ᠬᠠᠭᠤᠷᠮᠠᠭ ︽ᠠᠯᠪᠠᠨ ᠤ ᠲᠠᠯ᠎ᠠ︾ ᠶᠢᠨ ᠵᠢᠵᠢᠭ | ᠫᠷᠣᠭ᠍ᠷᠠᠮ ᠪᠤᠶᠤ ᠰᠦᠯᠵᠢᠶᠡᠨ ᠥᠷᠲᠡᠭᠡ ᠳᠤ ᠣᠷᠣᠭᠤᠯᠬᠤ ᠶᠢᠨ ᠬᠠᠮᠲᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ | ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠵᠤ᠂ ᠵᠣᠭᠤᠰ ᠮᠥᠩᠭᠦ ᠮᠡᠬᠡᠯᠡᠨ | ᠠᠪᠬᠤ ᠵᠣᠷᠢᠯᠭ᠎ᠠ ᠳᠠᠭᠠᠨ ᠭᠥᠷᠳᠡᠭ᠃ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ︽ᠨᠡᠶᠢᠭᠡᠮ ᠤᠨ | ᠳᠠᠭᠠᠳᠬᠠᠯ ᠤᠨ ᠨᠥᠬᠦᠪᠦᠷᠢ︾ ᠠᠴᠠ ᠭᠠᠳᠠᠨ᠎ᠠ᠂ ᠡᠨᠡ ᠬᠤᠶᠠᠷ ᠵᠢᠯ ᠳᠤ ᠪᠠᠰᠠ ︽ᠠᠵᠤ ᠠᠬᠤᠢ ᠶᠢᠨ | ᠰᠡᠷᠭᠦᠯᠲᠡ ᠶᠢᠨ ᠨᠥᠬᠦᠪᠦᠷᠢ︾ ︽ᠬᠤᠪᠢ ᠬᠥᠮᠥᠨ ᠤ ᠬᠥᠳᠡᠯᠮᠦᠷᠢ ᠶᠢᠨ ᠨᠥᠬᠦᠪᠦᠷᠢ︾ ᠵᠡᠷᠭᠡ ᠡᠯᠳᠡᠪ ᠵᠦᠢᠯ ᠤᠨ | ᠮᠡᠬᠡᠯᠡᠯ ᠭᠠᠷᠴᠤ ᠥᠩᠭᠡᠷᠡᠵᠡᠢ᠃ ᠬᠤᠳᠠᠯ ᠬᠠᠭᠤᠷᠮᠠᠭ ᠢᠶᠠᠷ ᠦᠨᠡᠨ ᠬᠤᠳᠠᠯ ᠢ ᠰᠠᠮᠠᠭᠤᠷᠠᠭᠤᠯᠬᠤ ᠶᠢᠨ ᠲᠥᠯᠥᠭᠡ᠂ | ᠮᠡᠬᠡᠯᠡᠭᠴᠢ ᠠᠴᠠ ᠶᠠᠮᠤᠨ ᠬᠤᠷᠢᠶ᠎ᠠ ᠪᠤᠶᠤ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠰᠦᠯᠵᠢᠶ᠎ᠡ ᠶᠢ ᠬᠠᠭᠤᠷᠮᠠᠭᠯᠠᠨ ᠵᠣᠬᠢᠶᠠᠬᠤ ᠶᠢᠨ ᠬᠠᠮᠲᠤ ᠬᠥᠳᠡᠯᠦᠩᠭᠦᠢ ᠴᠣᠩᠬᠤᠪᠴᠢ ᠲᠠᠭᠠᠷᠠᠭᠤᠯᠵᠤ᠂ ᠤᠯᠠᠨ ᠢ | ᠲᠣᠪᠴᠢᠳᠠᠭᠤᠯᠤᠨ ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠭᠤᠯᠤᠨ᠎ᠠ᠃ ᠪᠠᠰᠠ ᠵᠠᠷᠢᠮ ᠮᠡᠬᠡᠯᠡᠭᠴᠢ ᠨᠢ | ᠺᠣᠮᠫᠠᠨᠢ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠨᠡᠷ᠎ᠡ ᠪᠠᠷ ᠠᠵᠢᠯᠲᠠᠳ ᠲᠠᠭᠠᠨ ᠨᠥᠬᠦᠪᠦᠷᠢ ᠮᠥᠩᠭᠦ | ᠢᠮᠧᠯ ᠶᠠᠪᠤᠭᠤᠯᠬᠤ ᠶᠢᠨ ᠬᠠᠮᠲᠤ ᠥᠪᠡᠷ ᠢᠶᠠᠨ ᠭᠦᠢᠴᠡᠳᠬᠡᠬᠦ ᠬᠤᠶᠠᠷ ᠬᠡᠮᠵᠢᠯᠳᠦ ᠺᠣᠳ᠋ ᠢ ᠳᠠᠭᠠᠯᠳᠤᠭᠤᠯᠳᠠᠭ᠃ | | | | | ᠠᠩᠬᠠᠷᠤᠭᠤᠰᠢᠲᠠᠢ ᠨᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠨᠡᠶᠢᠲᠡᠯᠡᠭᠰᠡᠨ ᠮᠡᠳᠡᠭᠳᠡᠯ ᠨᠢ ᠳᠠᠭᠠᠳᠬᠠᠯ ᠳᠤ ᠣᠷᠣᠯᠴᠠᠭᠴᠢ ᠪᠠᠷ ᠪᠠᠩᠬᠢ ᠶᠢᠨ ᠺᠠᠷᠲ᠂ ᠨᠢᠭᠤᠴᠠ | ᠨᠣᠮᠧᠷ᠂ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ ᠤ ᠮᠡᠳᠡᠭᠡ ᠵᠠᠩᠭᠢ ᠶᠢ ᠶᠡᠷᠦ ᠠᠴᠠ | ᠬᠠᠩᠭᠠᠯᠭᠠᠳᠠᠭ ᠦᠭᠡᠢ ᠶᠤᠮ᠃ ᠡᠶᠢᠮᠦᠷᠬᠦ ᠪᠠᠶᠢᠳᠠᠯ ᠳᠤ ᠲᠣᠬᠢᠶᠠᠯᠳᠤᠪᠠᠯ ᠵᠠᠪᠠᠯ ᠠᠷᠪᠢᠨ ᠪᠣᠳᠣᠯᠬᠢᠯᠠᠬᠤ ᠬᠡᠷᠡᠭᠲᠡᠢ᠂ | ᠬᠡᠷᠬᠢᠪᠡᠴᠦ ᠪᠣᠯᠭᠤᠮᠵᠢ ᠦᠭᠡᠢ ᠪᠠᠶᠢᠵᠤ ᠪᠣᠯᠬᠤ ᠦᠭᠡᠢ᠃ ᠪᠠᠰᠠ ᠨᠢᠭᠡ ᠲᠥᠷᠥᠯ ᠤᠨ ᠨᠡᠶᠢᠭᠡᠮ ᠤᠨ ᠳᠠᠭᠠᠳᠬᠠᠯ ᠤᠨ | ᠺᠠᠷᠲ ᠤᠨ ᠪᠠᠶᠢᠳᠠᠯ ︽ᠬᠡᠪ ᠤᠨ ᠪᠤᠰᠤ︾ ᠪᠠᠶᠢᠬᠤ ᠶᠢ ᠰᠠᠨᠠᠭᠤᠯᠬᠤ᠂ ᠰᠦᠯᠵᠢᠶᠡᠨ ᠳᠡᠭᠡᠷ᠎ᠡ ᠲᠦᠷᠭᠡᠨ | ᠭᠦᠢᠴᠡᠳᠬᠡᠬᠦ ᠶᠢ ᠬᠥᠲᠥᠯᠥᠨ ᠵᠢᠯᠤᠭᠤᠳᠬᠤ ᠮᠡᠬᠡᠯᠡᠯ ᠢ ᠴᠦ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠃ | ᠲᠣᠭᠠᠴᠢᠯᠠᠭᠰᠠᠨ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠳᠠᠭᠠᠯᠳᠤᠨ᠂ ᠣᠯᠠᠨ ᠢᠶᠠᠷ ᠢᠶᠠᠨ ᠲᠤᠬᠠᠶᠢᠯᠠᠭᠰᠠᠨ ᠠᠵᠢᠯ | ᠡᠷᠭᠢᠯᠡᠬᠦ᠂ ᠦᠢᠯᠡᠴᠢᠯᠡᠭᠡ ᠭᠥᠷᠳᠡᠬᠦ ᠨᠢ ᠤᠯᠠᠮ ᠠᠴᠠ ᠤᠯᠠᠮ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ | ᠪᠣᠯᠵᠤ᠂ ᠭᠠᠷ ᠤᠲᠠᠰᠤ ᠪᠠᠨ ᠨᠡᠭᠡᠭᠡᠬᠦ ᠳᠤ ᠠᠮᠠᠷᠬᠠᠨ ᠪᠣᠯᠴᠢᠬᠠᠨ᠎ᠠ᠃ ᠭᠡᠪᠡᠴᠦ ᠮᠡᠬᠡᠯᠡᠭᠴᠢᠳ ᠪᠠᠰᠠ ︽ᠵᠠᠪᠰᠢᠶᠠᠨ︾ | ᠢ ᠳᠠᠯᠢᠮᠳᠠᠭᠤᠯᠤᠨ ᠡᠯᠳᠡᠪ ᠵᠦᠢᠯ ᠤᠨ ᠮᠡᠬᠡᠯᠡᠯ ᠢ ᠵᠣᠬᠢᠶᠠᠵᠤ ᠪᠠᠶᠢᠨ᠎ᠠ᠃ | | | | | | ᠵᠠᠷᠢᠮ ᠣᠯᠠᠨ ᠲᠦᠮᠡᠨ᠄ ︽ᠲᠠᠨ ᠤ ᠨᠡᠶᠢᠭᠡᠮ ᠤᠨ ᠳᠠᠭᠠᠳᠬᠠᠯ ᠳᠤ ᠨᠢᠭᠡᠨᠲᠡ ᠬᠡᠪ ᠤᠨ ᠪᠤᠰᠤ ᠪᠠᠶᠢᠳᠠᠯ | ᠭᠠᠷᠴᠠᠢ᠂ ᠬᠡᠷᠡᠭᠯᠡᠬᠦ ᠶᠢᠨ ᠠᠷᠭ᠎ᠠ ᠦᠭᠡᠢ ᠪᠣᠯᠬᠤ ᠠᠴᠠ ᠵᠠᠶᠢᠯᠠᠰᠬᠢᠬᠦ ᠶᠢᠨ ᠲᠥᠯᠥᠭᠡ᠂ ᠮᠡᠳᠡᠭᠳᠡᠯ ᠢ ᠣᠯᠣᠭᠰᠠᠨ ᠤ | ᠳᠠᠷᠠᠭ᠎ᠠ ᠲᠡᠷᠡ ᠳᠠᠷᠤᠢ ᠳᠤᠨᠢ XXX ᠰᠦᠯᠵᠢᠶᠡᠨ ᠳᠤ ᠭᠠᠷᠴᠤ ᠳᠡᠩᠰᠡᠯᠡᠨ ᠭᠡᠷᠡᠴᠢᠯᠡᠯᠳᠡ ᠶᠢ ᠭᠦᠢᠴᠡᠳᠬᠡᠭᠡᠷᠡᠢ︾ | ᠭᠡᠰᠡᠨ ᠣᠬᠤᠷ ᠮᠡᠳᠡᠭᠡ ᠶᠢ ᠣᠯᠵᠠᠢ᠃ ᠬᠡᠷᠪᠡ ᠴᠥᠷᠬᠡᠯᠡᠭᠡ ᠶᠢ ᠲᠣᠪᠴᠢᠳᠠᠪᠠᠯ ᠳᠠᠷᠤᠢ ︽ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠦᠯᠵᠢᠶ᠎ᠡ︾ ᠢᠯᠡᠷᠡᠵᠦ᠂ ︽ᠪᠥᠬᠦ ᠤᠯᠤᠰ ᠤᠨ | ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠲᠠᠰ ᠳᠡᠪᠰᠢᠬᠦ ᠳᠤ ᠰᠢᠨ᠎ᠡ ᠡᠯᠧᠺᠳ᠋ᠷᠣᠨ ᠨᠡᠶᠢᠭᠡᠮ ᠤᠨ | ᠪᠠᠲᠤᠯᠠᠭ᠎ᠠ ᠶᠢᠨ ᠭᠠᠷ ᠭᠦᠢᠴᠡᠳᠬᠡᠯ ᠬᠢᠬᠦ ᠴᠢᠬᠤᠯᠠᠲᠠᠢ︾ ᠭᠡᠰᠡᠨ ᠰᠠᠨᠠᠭᠤᠯᠤᠮᠵᠢ ᠶᠢ ᠭᠠᠷᠭᠠᠬᠤ ᠪᠣᠯᠣᠨ᠎ᠠ᠃ | ᠵᠠᠷᠢᠮ ᠮᠡᠳᠡᠭᠡ ᠵᠠᠩᠭᠢ ᠶᠢ ᠨᠠᠰᠤᠲᠠᠶᠢᠴᠤᠳ ᠲᠤ ᠲᠤᠰᠬᠠᠶᠢᠯᠠᠨ ᠬᠠᠨᠳᠤᠭᠤᠯᠵᠤ᠂ ︽ᠨᠠᠰᠤᠨ ᠤ ᠠᠮᠠᠷᠠᠯᠲᠠ | ᠠᠪᠤᠭᠰᠠᠳ ᠲᠤ ᠲᠦᠷᠭᠡᠬᠡᠨ ᠭᠡᠷᠡᠴᠢᠯᠡᠯ ᠬᠢᠯᠭᠡᠬᠦ ᠦᠭᠡᠢ ᠪᠣᠯ ᠨᠠᠰᠤᠵᠢᠯ ᠤᠨ ᠠᠰᠠᠷᠠᠮᠵᠢ ᠶᠢᠨ ᠮᠥᠩᠭᠦ ᠥᠭᠬᠦ ᠶᠢ | ᠵᠣᠭᠰᠣᠭᠠᠨ᠎ᠠ︾ ᠭᠡᠵᠦ ᠪᠠᠶᠢᠨ᠎ᠠ᠃ | ᠡᠨᠡ ᠨᠢ ᠦᠨᠡᠨ ᠳᠡᠭᠡᠨ ᠪᠦᠷ ᠮᠡᠬᠡᠯᠡᠭᠴᠢ ᠶᠢᠨ ᠮᠡᠭᠡ ᠶᠤᠮ᠃ ᠴᠥᠷᠬᠡᠯᠡᠭᠡ ᠶᠢ ᠲᠣᠪᠴᠢᠳᠠᠪᠠᠯ ᠳᠠᠷᠤᠢ ᠬᠤᠳᠠᠯ | ᠬᠠᠭᠤᠷᠮᠠᠭ ᠰᠦᠯᠵᠢᠶᠡᠨ ᠤ ᠥᠷᠲᠡᠭᠡ ᠳᠤ ᠰᠢᠯᠵᠢᠨ ᠣᠷᠣᠵᠤ᠂ ᠬᠤᠪᠢ ᠬᠥᠮᠥᠨ ᠤ ᠮᠡᠳᠡᠭᠡ ᠵᠠᠩᠭᠢ ᠪᠠᠨ | ᠲᠠᠭᠯᠠᠭᠤᠯᠬᠤ ᠪᠠᠷ ᠬᠠᠭᠤᠷᠤᠨ ᠮᠡᠬᠡᠯᠡᠨᠡ᠃ | ᠲᠣᠳᠣᠷᠬᠠᠢ ᠪᠤᠰᠤ ᠴᠥᠷᠬᠡᠯᠡᠭᠡ ᠪᠤᠶᠤ ᠲᠣᠳᠣᠷᠬᠠᠢ ᠪᠤᠰᠤ ᠤᠲᠠᠰᠤ ᠶᠢ ᠳᠤᠷ᠎ᠠ ᠪᠠᠷ ᠢᠶᠠᠨ ᠳᠠᠷᠤᠵᠤ ᠪᠣᠯᠬᠤ | ᠦᠭᠡᠢ᠂ ᠥᠯᠥ ᠲᠠᠨᠢᠬᠤ ᠰᠦᠯᠵᠢᠶᠡᠨ ᠳᠡᠭᠡᠷ᠎ᠡ ᠬᠤᠪᠢ ᠬᠥᠮᠥᠨ ᠤ ᠮᠡᠳᠡᠭᠡ ᠵᠠᠩᠭᠢ ᠶᠢ ᠳᠤᠷ᠎ᠠ ᠪᠠᠷ ᠢᠶᠠᠨ ᠲᠠᠭᠯᠠᠵᠤ | ᠪᠣᠯᠬᠤ ᠦᠭᠡᠢ᠂ ᠨᠠᠩ ᠴᠤ ᠲᠡᠭᠦᠨ ᠤ ᠰᠠᠨᠠᠭᠤᠯᠭ᠎ᠠ ᠪᠠᠷ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠵᠡᠷᠭᠡ | ᠠᠵᠢᠯᠯᠠᠭ᠎ᠠ ᠶᠢ ᠬᠢᠵᠦ ᠪᠣᠯᠬᠤ ᠦᠭᠡᠢ᠂ ᠡᠳ᠋ ᠬᠥᠷᠥᠩᠭᠡ ᠶᠢᠨ ᠬᠤᠬᠢᠷᠠᠯ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠰᠠᠨᠠᠭᠤᠯᠤᠭᠰᠠᠨ ᠢᠶᠠᠷ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ ᠬᠠᠷᠠᠭᠠᠯᠵᠠᠯ ᠠᠪᠬᠤ᠂ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠬᠢᠷᠢ ᠬᠡᠮ ᠤᠨ ᠭᠡᠷᠡᠴᠢᠯᠡᠯ ᠬᠢᠬᠦ ᠵᠡᠷᠭᠡ ᠶᠠᠮᠠᠷᠪᠠ ᠠᠰᠠᠭᠤᠳᠠᠯ ᠢ ᠴᠥᠮ ᠲᠤᠬᠠᠢ ᠶᠢᠨ | ᠭᠠᠵᠠᠷ ᠤᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠰᠠᠯᠠᠭ᠎ᠠ ᠮᠥᠴᠢᠷ ᠠᠴᠠ ᠨᠤᠲᠠᠯᠠᠨ ᠵᠥᠪᠰᠢᠶᠡᠷᠡᠬᠦ | ᠪᠤᠶᠤ 12333 ᠤᠲᠠᠰᠤ ᠪᠠᠷ ᠠᠰᠠᠭᠤᠨ ᠯᠠᠪᠯᠠᠵᠤ ᠪᠣᠯᠣᠨ᠎ᠠ᠃ | ᠬᠢᠴᠢᠶᠡᠮᠵᠢ ᠦᠭᠡᠢ ᠠᠴᠠ ᠪᠣᠯᠵᠤ ᠰᠦᠯᠵᠢᠶᠡᠨ ᠤ ᠮᠡᠬᠡᠯᠡᠯ ᠳᠤ ᠤᠴᠠᠷᠠᠪᠠᠯ᠂ ᠶᠠᠷᠢᠯᠴᠠᠭᠰᠠᠨ ᠲᠡᠮᠳᠡᠭᠯᠡᠯ᠂ | ᠰᠣᠯᠢᠯᠴᠠᠭᠠᠨ ᠤ ᠲᠡᠮᠳᠡᠭᠯᠡᠯ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠰᠠᠶᠢᠲᠤᠷ | ᠬᠠᠳᠠᠭᠠᠯᠠᠵᠤ᠂ ᠳᠠᠷᠦ᠋ᠢᠬᠠᠨ 110 ᠤᠲᠠᠰᠤ ᠪᠠᠷ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠴᠢᠯᠠᠬᠤ ᠬᠡᠷᠡᠭᠲᠡᠢ | ᠃ | |