ᠠᠵᠢᠯ ᠮᠡᠷᠭᠡᠵᠢᠯ ᠤᠨ ᠤᠨ ᠤ ᠮᠥᠩᠭᠦ ᠭᠡᠳᠡᠭ ᠨᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠵᠢᠴᠢ | ᠠᠵᠢᠯᠲᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠳᠠᠭᠠᠳᠬᠠᠯ ᠳᠤ ᠣᠷᠣᠯᠴᠠᠭᠰᠠᠨ ᠰᠠᠭᠤᠷᠢᠨ ᠳᠡᠭᠡᠷ᠎ᠡ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠨᠥᠬᠦᠪᠥᠷᠢ | ᠳᠠᠭᠠᠳᠬᠠᠯ ᠤᠨ ᠳᠦᠷᠢᠮ ᠢ ᠵᠢᠭᠠᠵᠤ ᠪᠤᠶ᠃ | ᠨᠢᠭᠡ᠂ ᠦᠨᠳᠦᠰᠦᠨ ᠪᠠᠶᠢᠳᠠᠯ | 2005 ᠣᠨ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠳᠤ | ᠤᠯᠤᠰ ᠠᠴᠠ ᠠᠯᠪᠠᠲᠠᠨ ᠤ ᠳᠠᠭᠠᠳᠬᠠᠯ ᠤᠨ ᠳᠦᠷᠢᠮ ᠢ ᠪᠠᠶᠢᠭᠤᠯᠵᠤ᠂ ᠠᠯᠪᠠᠲᠠᠨ ᠤ ᠠᠵᠢᠯ ᠠᠴᠠ ᠪᠠᠭᠤᠬᠤ᠂ | ᠡᠪᠡᠳᠴᠢᠯᠡᠬᠦ᠂ ᠠᠵᠢᠯ ᠠᠴᠠ ᠪᠣᠯᠤᠭᠰᠠᠨ ᠭᠡᠮᠲᠦᠯ᠂ ᠬᠥᠩᠭᠡᠵᠢᠬᠦ᠂ ᠠᠵᠢᠯ ᠠᠯᠳᠠᠬᠤ ᠵᠡᠷᠭᠡ ᠪᠠᠶᠢᠳᠠᠯ ᠤᠨ ᠳᠣᠣᠷ᠎ᠠ | ᠬᠠᠪᠰᠤᠷᠤᠯᠭ᠎ᠠ ᠪᠠ ᠨᠥᠬᠦᠪᠥᠷᠢ ᠣᠯᠬᠤ ᠶᠢ ᠪᠠᠲᠤᠯᠠᠪᠠ᠃ 2011 ᠣᠨ ᠳᠤ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠳᠤ᠂ ᠠᠯᠪᠠᠲᠠᠨ ᠪᠣᠯᠣᠨ ᠠᠯᠪᠠᠲᠠᠨ ᠤ ᠬᠠᠤᠯᠢ ᠪᠠᠷ | ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠠᠷᠭ᠎ᠠ ᠶᠢ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ ᠭᠡᠵᠦ ᠲᠣᠭᠲᠠᠭᠠᠵᠠᠶ᠃ 2015 ᠣᠨ ᠳᠤ᠂ ︽ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ | ᠥᠭᠡᠷᠡᠴᠢᠯᠡᠯᠲᠡ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠳᠦᠷᠦ ᠲᠠᠷᠬᠠᠭᠠᠭᠰᠠᠨ ﹇ | 2015﹈ 2 ᠳ᠋ᠤᠭᠠᠷ ᠲᠣᠭᠠᠲᠤ︶ ᠳᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠰᠠᠭᠤᠷᠢᠨ ᠳᠡᠭᠡᠷ᠎ᠡ᠂ ᠲᠡᠭᠦᠨ ᠤ ᠠᠵᠢᠯᠲᠠᠳ ᠲᠤ ᠠᠵᠢᠯ | ᠮᠡᠷᠭᠡᠵᠢᠯ ᠤᠨ ᠤᠨ ᠤ ᠮᠥᠩᠭᠦ ᠪᠠᠶᠢᠭᠤᠯᠵᠤ ᠥᠭᠬᠦ ᠬᠡᠷᠡᠭᠲᠡᠶ ᠭᠡᠵᠢ ᠲᠤᠭᠲᠠᠭᠠᠵᠠᠢ᠃ ᠲᠤᠰ ᠵᠢᠯ ᠳᠤ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠠᠵᠢᠯ ᠮᠡᠷᠭᠡᠵᠢᠯ ᠤᠨ ᠣᠨ ᠤ ᠮᠥᠩᠭᠦ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇2015﹈ 18 | ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠠᠵᠢᠯ ᠮᠡᠷᠭᠡᠵᠢᠯ ᠤᠨ ᠣᠨ ᠤ ᠮᠥᠩᠭᠦ ᠪᠣᠯ ᠪᠠᠶᠢᠭᠤᠯᠭ᠎ᠠ ᠠᠵᠢᠯ | ᠦᠢᠯᠡᠰ ᠤᠨ ᠨᠢᠭᠡᠴᠢ ᠵᠢᠴᠢ ᠠᠵᠢᠯᠲᠠᠨ ᠪᠠᠶᠢᠭᠤᠯᠭ᠎ᠠ ᠶᠢᠨ ᠠᠵᠢᠯᠲᠠᠨ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠰᠠᠭᠤᠷᠢᠨ ᠳᠡᠭᠡᠷ᠎ᠡ᠂ ᠪᠠᠶᠢᠭᠤᠯᠤᠭᠰᠠᠨ | ᠨᠠᠰᠤᠵᠢᠯ ᠤᠨ ᠨᠥᠬᠦᠪᠦᠷᠢ ᠳᠠᠭᠠᠳᠬᠠᠯ ᠤᠨ ᠳᠦᠷᠢᠮ ᠪᠤᠯᠤᠨ᠎ᠠ ᠭᠡᠵᠦ ᠲᠤᠳᠤᠷᠬᠠᠶᠢᠯᠠᠵᠤ 2014 ᠣᠨ ᠤ 10 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠤᠶᠠᠷ᠂ ᠲᠥᠷᠥ ᠶᠢᠨ ᠪᠣᠳᠣᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ | 1. ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠨᠡᠢᠭᠡᠮ ᠤᠨ ᠳᠠᠭᠠᠳᠬᠠᠯ ᠤᠨ ᠬᠠᠤᠯᠢ︾ | 2. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠃ | ᠭᠤᠣᠯ ᠪᠣᠯᠬᠤ ᠪᠢᠴᠢᠭ ᠮᠠᠲ᠋ᠧᠷᠢᠶᠠᠯ | 1. ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ | ᠳᠦᠷᠢᠮ ᠤᠨ ᠥᠭᠡᠷᠡᠴᠢᠯᠡᠯᠲᠡ ᠶᠢᠨ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ | ᠲᠠᠷᠬᠠᠭᠠᠭᠰᠠᠨ ﹇2015﹈ 2 ᠳ᠋ᠤᠭᠠᠷ ᠲᠣᠭᠠᠲᠤ︶︔ | 2. ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠮᠡᠷᠭᠡᠵᠢᠯ ᠤᠨ ᠣᠨ ᠤ ᠮᠥᠩᠭᠦ ᠶᠢᠨ | ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 18 ᠳ᠋ᠤᠭᠠᠷ ᠲᠣᠭᠠᠲᠤ︶︔ | 3᠂ ︽ᠠᠵᠢᠯ ᠮᠡᠷᠭᠡᠵᠢᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2016﹈ 92 ᠳ᠋ᠤᠭᠠᠷ ᠲᠣᠭᠠᠲᠤ︶︔ | 4. ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠦᠨᠳᠦᠰᠦᠨ ᠳᠠᠭᠠᠳᠬᠠᠯ ᠤᠨ | ᠬᠠᠷᠢᠴᠠᠭ᠎ᠠ ᠪᠠ ᠠᠵᠢᠯ ᠮᠡᠷᠭᠡᠵᠢᠯ ᠤᠨ ᠣᠨ ᠤ ᠮᠥᠩᠭᠦ ᠶᠢ ᠰᠢᠯᠵᠢᠭᠦᠯᠦᠨ ᠦᠷᠭᠦᠯᠵᠢᠯᠡᠭᠦᠯᠬᠦ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ | ᠵᠠᠰᠠᠭ ᠤᠨ ᠶᠠᠮᠤᠨ ᠤ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠤ ᠲᠣᠭᠲᠠᠭᠠᠯ ﹇2017﹈ 1 ᠳ᠋ᠦ᠋ᠭᠡᠷ ᠲᠣᠭᠠᠲᠤ︶᠃ | ᠭᠤᠷᠪᠠ᠂ ᠲᠠᠲᠠᠪᠤᠷᠢᠯᠠᠬᠤ ᠡᠲᠡᠭᠡᠳ ᠨᠢ ᠠᠯᠪᠠᠲᠠᠨ ᠤ ᠬᠠᠤᠯᠢ ᠪᠠᠷ ᠬᠠᠮᠢᠶᠠᠷᠴᠤ ᠪᠠᠶᠢᠭ᠎ᠠ ᠨᠢᠭᠡᠴᠢ᠂ ᠠᠯᠪᠠᠲᠠᠨ ᠤ | ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ | ᠨᠢᠭᠡᠴᠢ᠂ ᠠᠵᠢᠯ ᠦᠢᠯᠡᠰ ᠤᠨ ᠨᠢᠭᠡᠴᠢ ᠬᠢᠭᠡᠳ ᠲᠡᠭᠦᠨ ᠤ ᠣᠷᠣᠨ ᠲᠣᠭᠠᠨ ᠤ ᠳᠣᠲᠣᠷᠠᠬᠢ ᠠᠵᠢᠯᠲᠠᠨ | ᠳᠥᠷᠪᠡ᠂ ᠲᠠᠲᠠᠪᠤᠷᠢᠯᠠᠬᠤ ᠪᠠᠷᠢᠮᠵᠢᠶ᠎ᠠ ︵ᠨᠢᠭᠡ︶ ᠰᠦᠢᠳᠬᠡᠯ ᠲᠤᠰᠢᠶᠠᠬᠤ ᠬᠠᠷᠢᠴᠠᠯ᠄ ᠬᠥᠮᠦᠨ ᠬᠡᠷᠡᠭᠯᠡᠬᠦ | ᠨᠢᠭᠡᠴᠢ ᠶᠢᠨ ᠰᠦᠢᠳᠬᠡᠯ ᠲᠤᠰᠢᠶᠠᠬᠤ ᠬᠠᠷᠢᠴᠠᠯ ᠨᠢ 8% ᠪᠠᠶᠢᠵᠤ᠂ ᠳᠠᠭᠠᠳᠬᠠᠯ ᠳᠤ ᠣᠷᠣᠯᠴᠠᠭᠰᠠᠳ ᠤᠨ | ᠰᠦᠢᠳᠬᠡᠯ ᠲᠤᠰᠢᠶᠠᠬᠤ ᠬᠠᠷᠢᠴᠠᠯ ᠨᠢ 4% ᠪᠣᠯᠤᠨ᠎ᠠ᠃ ︵ᠬᠤᠶᠠᠷ︶ ᠰᠦᠢᠳᠬᠡᠯ ᠲᠤᠰᠢᠶᠠᠬᠤ ᠰᠠᠭᠤᠷᠢ | ᠲᠤᠭ᠎ᠠ ᠨᠢ ᠬᠥᠮᠦᠨ ᠬᠡᠷᠡᠭᠯᠡᠬᠦ ᠨᠢᠭᠡᠴᠢ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ ᠳᠠᠭᠠᠳᠬᠠᠯ ᠳᠤ | ᠣᠷᠣᠯᠴᠠᠭᠰᠠᠳ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠬᠥᠮᠦᠨ ᠬᠡᠷᠡᠭᠯᠡᠬᠦ ᠨᠢᠭᠡᠴᠢ ᠶᠢᠨ | ᠰᠦᠢᠳᠬᠡᠯ ᠲᠤᠰᠢᠶᠠᠬᠤ ᠰᠠᠭᠤᠷᠢ ᠲᠤᠭ᠎ᠠ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠶ᠃ ᠳᠠᠭᠠᠳᠬᠠᠯ ᠳᠤ | ᠣᠷᠣᠯᠴᠠᠭᠰᠠᠳ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ ᠲᠤᠰ ᠬᠥᠮᠦᠨ ᠰᠦᠢᠳᠭᠡᠯ ᠲᠤᠰᠢᠶᠠᠬᠤ ᠴᠠᠯᠢᠩ | ᠪᠠᠶᠢᠵᠤ᠂ ᠲᠤᠰ ᠮᠤᠵᠢ ᠶᠢᠨ ᠳᠡᠭᠡᠷ᠎ᠠ ᠵᠢᠯ ᠤᠨ ᠪᠦᠬᠦ ᠬᠤᠲᠠ ᠪᠠᠯᠭᠠᠰᠤᠨ ᠤ ᠨᠢᠭᠡᠴᠢ ᠶᠢᠨ ᠠᠵᠢᠯ ᠤᠯᠤᠭᠰᠠᠳ | ᠤᠨ ᠳᠤᠮᠳᠠᠴᠢ ᠴᠠᠯᠢᠩ ᠤᠨ 300% ᠪᠠ 60% ᠪᠠᠷ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠳᠡᠭᠡᠷ᠎ᠡ | ᠲᠠᠯ᠎ᠠ ᠶᠢᠨ ᠬᠢᠵᠠᠭᠠᠷ ᠪᠠ ᠳᠣᠤᠷᠠᠳᠤ ᠲᠠᠯ᠎ᠠ ᠶᠢᠨ ᠬᠢᠵᠠᠭᠠᠷ ᠪᠣᠯᠭᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ | ᠰᠠᠭᠤᠷᠢ ᠲᠤᠭ᠎ᠠ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠶ᠃ | ᠲᠠᠪᠤ᠂ ᠲᠠᠲᠠᠪᠤᠷᠢᠯᠠᠬᠤ ᠠᠷᠭ᠎ᠠ ᠮᠠᠶ᠋ᠢᠭ᠄ 2024 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ 25 | ᠮᠤᠵᠢ ︵ᠣᠷᠣᠨ᠂ ᠬᠤᠲᠠ︶ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠵᠢᠯ ᠮᠡᠷᠭᠡᠵᠢᠯ ᠤᠨ ᠣᠨ ᠤ | ᠮᠥᠩᠭᠦ ᠲᠠᠲᠠᠪᠤᠷᠢᠯᠠᠵᠤ᠂ ᠡᠭᠦᠨ ᠳᠤ᠂ ᠬᠡᠰᠡᠭ ᠮᠤᠵᠢ ᠶᠢᠨ ᠠᠵᠢᠯ ᠮᠡᠷᠭᠡᠵᠢᠯ ᠤᠨ ᠣᠨ ᠤ ᠮᠥᠩᠭᠦ ᠶᠢ ᠤᠯᠤᠰ ᠤᠨ | ᠬᠥᠮᠥᠷᠭᠡ ᠠᠴᠠ ᠴᠤᠭᠯᠠᠭᠤᠯᠬᠤ ᠡᠷᠦᠬᠡ ᠳᠤ ᠲᠤᠰᠢᠶᠠᠵᠤ᠂ ᠬᠡᠰᠡᠭ ᠮᠤᠵᠢ ᠶᠢᠨ ᠠᠵᠢᠯ ᠮᠡᠷᠭᠡᠵᠢᠯ ᠤᠨ ᠣᠨ ᠤ | ᠮᠥᠩᠭᠦ ᠶᠢ ᠴᠤᠭᠯᠠᠭᠤᠯᠤᠭᠰᠠᠨ ᠡᠷᠦᠬᠡ ᠳᠤ ᠰᠢᠭᠤᠳ ᠲᠤᠰᠢᠶᠠᠨ᠎ᠠ᠃ ᠪᠤᠰᠤᠳ ᠮᠤᠵᠢ ᠶᠢᠨ ᠠᠵᠢᠯ ᠮᠡᠷᠭᠡᠵᠢᠯ ᠤᠨ | ᠵᠢᠯ ᠤᠨ ᠮᠥᠩᠭᠦ ᠶᠢ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠠᠴᠠ ᠲᠠᠲᠠᠪᠤᠷᠢᠯᠠᠨ᠎ᠠ᠃ | ᠳᠠᠭᠠᠳᠬᠠᠯ ᠳᠤ ᠣᠷᠣᠯᠴᠠᠭᠰᠠᠳ ᠤᠨ ᠲᠤᠰᠢᠶᠠᠪᠠᠰᠤ ᠵᠣᠬᠢᠬᠤ ᠠᠵᠢᠯ ᠮᠡᠷᠭᠡᠵᠢᠯ ᠤᠨ ᠣᠨ ᠤ ᠮᠥᠩᠭᠦ ᠶᠢ ᠬᠥᠮᠦᠨ | ᠬᠡᠷᠡᠭᠯᠡᠬᠦ ᠨᠢᠭᠡᠴᠢ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠨ᠎ᠠ᠃ | ᠵᠢᠷᠭᠤᠭ᠎ᠠ᠂ ᠲᠠᠲᠠᠪᠤᠷᠢᠯᠠᠬᠤ ᠬᠤᠭᠤᠴᠠᠭ᠎ᠠ᠄ ᠬᠥᠮᠦᠨ ᠬᠡᠷᠡᠭᠯᠡᠬᠦ ᠨᠢᠭᠡᠴᠢ ᠰᠠᠷ᠎ᠠ ᠪᠠᠷ ᠭᠤᠶᠤᠴᠢᠯᠠᠨ ᠰᠦᠢᠳᠬᠡᠯ | ᠲᠤᠰᠢᠶᠠᠬᠤ ᠪᠠᠨ ᠮᠡᠳᠡᠭᠦᠯᠦᠨ᠎ᠡ᠃ | |