ᠬᠤᠩᠬᠤᠷᠳᠠᠯ᠎ᠠ ᠰᠤᠮᠤ ᠪᠦᠬᠦ ᠠᠷᠠᠳ ᠢᠶᠠᠷ ᠢᠶᠠᠨ ᠬᠦᠳᠡᠯᠦᠯᠴᠡᠵᠦ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠰᠢᠨ᠎ᠡ ᠬᠠᠭᠤᠳᠠᠰᠤ ᠶᠢ ᠵᠢᠷᠤᠪᠠ
ᠨᠡᠶᠢᠲᠡᠯᠡᠭᠰᠡᠨ ᠴᠠᠭ᠄
2025/4/7
    ᠣᠶᠢᠷ᠎ᠠ ᠳᠤ᠂ ᠨᠠᠢᠮᠠᠨ ᠬᠤᠰᠢᠭᠤᠨ ᠤ ᠬᠤᠩᠬᠤᠷᠳᠠᠯ᠎ᠠ ᠰᠤᠮᠤᠨ ᠳᠤ ᠨᠢᠭᠡ ᠤᠳᠠᠭᠠᠨ ᠤ ᠬᠥᠷ ᠬᠥᠭᠵᠢᠶᠡᠨ ᠲᠠᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠡᠢ᠂ ᠡᠯ᠎ᠡ ᠲᠣᠰᠬᠤᠨ ᠤ ᠠᠷᠠᠳ ᠬᠦᠷᠵᠡ ᠪᠠᠨ ᠪᠠᠷᠢᠵᠤ᠂ ᠱᠦᠬᠦᠷ ᠢᠶᠠᠨ ᠠᠳᠬᠤᠵᠤ᠂ ᠡᠪᠡᠰᠦ ᠤᠷᠭᠤᠮᠠᠯ ᠳᠠᠷᠢᠵᠤ᠂ ᠬᠤᠭ ᠨᠣᠪᠰᠢ ᠴᠡᠪᠡᠷᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠪᠠ᠃    4 ᠰᠠᠷ᠎ᠠ ᠶᠢᠨ 2 ᠤᠨ ᠡᠳᠦᠷ᠂ ᠵᠡᠭᠦᠨ ᠴᠠᠬᠢᠷᠮᠠᠲᠠᠢ ᠭᠠᠴᠠᠭᠠᠨ ᠳᠤ ᠬᠦᠷᠬᠦ ᠳᠤ᠂ ᠮᠠᠰᠢ ᠶᠠᠭᠠᠷᠠᠯᠲᠠᠢ ᠪᠠᠶᠢᠳᠠᠯ ᠬᠠᠷᠠᠬᠳᠠᠨ᠎ᠠ᠄ ᠲᠣᠰᠬᠤᠨ ᠤ ᠠᠷᠠᠳ ᠭᠤᠷᠪᠠ ᠲᠠᠪᠤ ᠪᠠᠷ ᠴᠤᠭᠯᠠᠷᠠᠨ ᠶᠠᠭᠠᠷᠠᠯᠳᠤᠵᠤ᠂ ᠨᠦᠬᠡ ᠮᠠᠯᠲᠠᠵᠤ᠂ ᠴᠢᠬᠢ ᠰᠠᠭᠤᠯᠭᠠᠵᠤ᠂ ᠰᠢᠷᠣᠢ ᠨᠡᠮᠡᠵᠦ᠂ ᠤᠰᠠᠯᠠᠵᠤ ᠁ ᠨᠢᠭᠡ ᠰᠠᠭᠤᠷᠢ ᠰᠠᠭᠤᠷᠢ ᠤᠯᠢᠶᠠᠰᠤᠨ  ᠮᠤᠳᠤᠨ ᠴᠢᠬᠢ ᠬᠠᠪᠤᠷ ᠤᠨ ᠰᠠᠯᠬᠢᠨ ᠳᠤ ᠰᠡᠬᠦ᠋ᠢᠨ ᠰᠦᠨᠳᠡᠷᠯᠡᠵᠦ᠂ ᠡᠯᠡᠰᠦᠷᠬᠡᠭ ᠭᠠᠵᠠᠷ ᠲᠤ ᠠᠮᠢᠵᠢᠷᠠᠯ ᠤᠨ ᠬᠦᠴᠦᠨ ᠨᠡᠮᠡᠷᠢᠯᠡᠪᠡ᠃
黄花塔拉苏木全民动员齐参与环境整治绘新篇.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号