ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/7
    ᠣᠶᠢᠷ᠎ᠠ ᠳᠤ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠠᠵᠢᠯᠲᠠᠨ ᠢᠶᠠᠨ ᠵᠣᠬᠢᠶᠠᠨ ᠪᠠᠶᠢᠭᠤᠯᠵᠤ ᠨᠠᠢᠮᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ 2025 ᠣᠨ ᠤ  ᠭᠡᠷᠡᠲᠦ ᠡᠮᠨᠡᠯᠭᠡ ᠶᠢᠨ ᠠᠵᠢᠯᠲᠠᠨ ᠡᠯᠰᠡᠬᠦ ᠪᠢᠷ ᠤᠨ ᠰᠢᠯᠭᠠᠯᠲᠠ ᠶᠢᠨ ᠴᠡᠭ ᠲᠤ ᠭᠦᠨᠵᠡᠭᠡᠶᠢᠷᠡᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠵᠡᠷᠭᠡ ᠮᠠᠲ᠋ᠧᠷᠢᠶᠠᠯ ᠢ ᠨᠡᠶᠢᠲᠡ 300 ᠭᠠᠷᠤᠶ ᠬᠤᠪᠢ ᠲᠠᠷᠬᠠᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ ᠨᠥᠬᠦᠪᠥᠷᠢ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠥᠭᠡᠳ ᠰᠢᠯᠭᠠᠭᠤᠯᠤᠭᠴᠢᠳ ᠲᠤ ᠣᠶᠢᠷ᠎ᠠ ᠶᠢᠨ ᠬᠤᠭᠤᠴᠠᠭᠠᠨ ᠳᠤ ᠡᠷᠭᠢᠯᠡᠭᠰᠡᠨ ︽ᠤᠷᠢᠬᠠᠨ ᠰᠠᠯᠬᠢᠨ ᠤ ᠠᠵᠢᠯᠯᠠᠭ᠎ᠠ︾᠂ ︽ᠠᠵᠢᠯ ᠣᠯᠭᠤᠯᠲᠠ ᠶᠢ ᠠᠬᠢᠭᠤᠯᠬᠤ ᠰᠠᠷ᠎ᠠ︾ ᠵᠡᠷᠭᠡ ᠠᠵᠢᠯᠲᠠᠨ ᠡᠯᠰᠡᠬᠦ ᠠᠵᠢᠯᠯᠠᠭ᠎ᠠ ᠶᠢ ᠲᠠᠨᠢᠯᠴᠠᠭᠤᠯᠪᠠ᠃
旗就业服务中心开展就业创业政策宣传活动.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号