ᠨᠠᠢᠮᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠴᠠ ᠬᠡᠲᠦᠷᠡᠬᠦ ᠶᠢ ᠵᠠᠰᠠᠬᠤ ︽ᠬᠠᠪᠤᠷ ᠤᠨ ᠠᠶᠤᠩᠭ᠎ᠠ︾ ᠶᠢᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/4/7
    ᠣᠶᠢᠷ᠎ᠠ ᠳᠤ᠂ ᠨᠠᠢᠮᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠪᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠮᠲᠤᠷᠠᠨ ᠬᠡᠮᠵᠢᠶ᠎ᠡ ᠠᠴᠠ ᠬᠡᠲᠦᠷᠡᠬᠦ ᠶᠢ ᠵᠠᠰᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠴᠡᠭ ᠲᠣᠭᠲᠠᠭᠠᠬᠤ ᠥᠬᠡᠶ᠂ ᠭᠤᠷᠪᠠᠨ ᠡᠭᠡᠯᠵᠢ ᠪᠠᠷ 24 ᠴᠠᠭ ᠤᠨ ᠠᠵᠢᠯᠯᠠᠬᠤ ᠠᠷᠭ᠎ᠠ ᠮᠠᠶ᠋ᠢᠭ ᠢ ᠠᠪᠴᠤ᠂ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠷ ᠲᠡᠷᠭᠡ ᠬᠥᠰᠬᠡ ᠶᠢᠨ ᠬᠦᠨᠳᠦ ᠶᠢ ᠬᠡᠮᠵᠢᠨ ᠪᠠᠶᠢᠴᠠᠭᠠᠵᠤ᠂ ᠬᠡᠮᠵᠢᠶ᠎ᠡ ᠠᠴᠠ ᠬᠡᠲᠦᠷᠡᠭᠰᠡᠨ ᠲᠡᠷᠭᠡ ᠬᠥᠰᠬᠡ ᠶᠢ ᠣᠯᠵᠤ ᠮᠡᠳᠡᠪᠡᠯ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠬᠠᠤᠯᠢ ᠶᠣᠰᠣᠭᠠᠷ ᠰᠢᠢᠳᠭᠡᠨ ᠲᠣᠷᠭᠠᠬᠤ ᠪᠠ ᠬᠤᠪᠢ ᠲᠡᠮᠳᠡᠭᠯᠡᠵᠦ᠂ ᠡᠶᠢᠮᠦᠷᠬᠦ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠬᠤᠷᠢᠭᠯᠠᠪᠠ᠃
奈曼旗交通运输局开启货运治超“春雷”行动.png
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号